ᠪᠠᠶᠠᠨᠲᠠᠯ᠎ᠠ ᠰᠤᠮᠤ ︽ᠵᠠᠷᠭᠤ ᠦᠭᠡᠢ ᠭᠠᠴᠠᠭ᠎ᠠ ᠲᠣᠰᠬᠤᠨ︾ ᠢ ᠡᠭᠦᠳᠦᠨ ᠪᠠᠶᠢᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/4/18
       ᠣᠶᠢᠷ᠎ᠠ ᠳᠤ᠂ ᠪᠠᠶᠠᠨᠲᠠᠯ᠎ᠠ ᠰᠤᠮᠤ ᠥᠪᠥᠷ ᠮᠣᠩᠭᠤᠯ ᠤᠨ ᠰᠢᠩ ᠵᠢᠶᠦ᠋ᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠲᠠᠨ ᠢ ᠤᠷᠢᠵᠤ ᠹᠧᠩ ᠬᠤᠸᠠᠩ ᠱᠠᠨ ᠲᠣᠰᠬᠤᠨ ᠳᠤ ︽ᠵᠠᠷᠭᠤ ᠦᠭᠡᠢ ᠭᠠᠴᠠᠭ᠎ᠠ ᠲᠣᠰᠬᠤᠨ︾ ᠢ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ︽ᠬᠡᠷᠡᠭ ᠤᠨ ᠵᠢᠱᠢᠶ᠎ᠡ  ᠪᠠᠷ ᠬᠠᠤᠯᠢ ᠶᠢ ᠬᠡᠯᠡᠯᠴᠡᠵᠦ᠂ ᠬᠡᠷᠡᠭ ᠤᠨ ᠵᠢᠱᠢᠶ᠎ᠡ ᠪᠠᠷ ᠶᠣᠰᠣ ᠤᠴᠢᠷ ᠢ ᠲᠠᠶᠢᠯᠪᠤᠷᠢᠯᠠᠵᠤ︾᠂ ᠣᠯᠠᠨ ᠲᠦᠮᠡᠨ ᠳᠤ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠰᠤᠷᠭᠠᠬᠤ ᠶᠢᠨ ᠬᠠᠮᠲᠤ ᠣᠯᠠᠨ ᠲᠦᠮᠡᠨ ᠤ ᠠᠩᠬᠠᠷᠴᠤ ᠪᠠᠶᠢᠭ᠎ᠠ ᠬᠠᠤᠯᠢ ᠴᠠᠭᠠᠵᠠ ᠶᠢᠨ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠬᠠᠷᠢᠭᠤᠯᠵᠤ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠪᠠᠭᠠᠰᠬᠠᠵᠤ᠂ ᠵᠠᠷᠭᠤ ᠶᠢᠨ ᠬᠡᠷᠡᠭ ᠪᠠᠭᠠᠰᠬᠠᠬᠤ ᠶᠢ ᠦᠨᠡᠨ ᠬᠦ ᠪᠡᠶᠡᠯᠡᠭᠦᠯᠵᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠵᠠᠭᠠᠯᠳᠤᠯᠭ᠎ᠠ ᠬᠢᠬᠦ ᠦᠭᠡᠢ ᠪᠠᠷ ᠰᠢᠢᠳᠪᠤᠷᠢᠯᠠᠪᠠ᠃       
微信图片_20230418103406.jpg 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号