4 ᠰᠠᠷ᠎ᠠ ᠶᠢᠨ 17 ᠤ ᠡᠳᠦᠷ᠂ ᠰᠢᠶᠠᠩᠱᠠᠨ ᠪᠠᠯᠭᠠᠰᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ | ᠤᠷᠢᠳ ᠬᠤᠵᠢᠳ ᠭᠤᠸᠠᠩ ᠰᠢᠩ ᠫᠦ᠋᠂ ᠦ᠋ ᠳ᠋ᠤᠸᠠᠨ ᠳ᠋ᠢ ᠲᠣᠰᠬᠤᠨ ᠳᠤ ︽ᠮᠢᠩᠭᠠᠨ ᠮᠦ ᠳᠥᠷᠪᠡᠯᠵᠢᠨ︾ | ᠲᠠᠷᠢᠶᠠᠯᠠᠩ ᠢ ᠠᠬᠢᠭᠤᠯᠬᠤ ᠬᠤᠷᠠᠯ ᠬᠢᠪᠡ᠃ ᠬᠤᠷᠠᠯ ᠠᠴᠠ ᠱᠠᠭᠠᠷᠳᠠᠭᠰᠠᠨ ᠨᠢ᠂ ᠦᠷ᠎ᠡ ᠶᠢ ᠨᠠᠷᠢᠨ ᠰᠣᠩᠭᠤᠵᠤ᠂ | ᠨᠢᠯᠬ᠎ᠠ ᠴᠢᠬᠢ ᠶᠢᠨ ᠨᠠᠯᠠᠨ ᠤᠨᠠᠬᠤ᠂ ᠡᠪᠡᠳᠴᠢᠨ ᠠᠮᠠᠷᠬᠠᠨ ᠡᠭᠦᠰᠬᠦ ᠲᠦᠭᠰᠢᠭᠦᠷᠢ ᠶᠢ ᠪᠠᠭᠠᠰᠬᠠᠬᠤ ᠬᠡᠷᠡᠭᠲᠡᠢ᠃ | ᠲᠠᠷᠢᠬᠤ ᠵᠠᠭᠪᠤᠷ᠂ ᠲᠠᠷᠢᠬᠤ ᠠᠷᠭ᠎ᠠ ᠬᠡᠯᠪᠡᠷᠢ ᠵᠢᠴᠢ ᠲᠠᠷᠢᠬᠤ ᠴᠠᠭ ᠢ ᠨᠢᠭᠡᠳᠬᠡᠵᠦ᠂ ᠲᠠᠷᠢᠶᠠᠨ ᠭᠠᠵᠠᠷ ᠤᠨ ᠣᠷᠴᠢᠨ | ᠲᠣᠭᠤᠷᠢᠨ ᠢ ᠰᠠᠶᠢᠵᠢᠷᠠᠭᠤᠯᠵᠤ᠂ ᠲᠠᠷᠢᠶᠠᠨ ᠭᠠᠵᠠᠷ ᠤᠨ ᠰᠠᠯᠬᠢ ᠭᠡᠷᠡᠯ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠢ᠃ ᠲᠣᠰᠬᠤᠨ ᠤ ᠺᠠᠳ᠋ᠷ᠂ ᠨᠠᠮ ᠤᠨ ᠭᠡᠰᠢᠭᠦᠨ ᠤ ᠲᠠᠷᠢᠮᠠᠯ ᠤᠨ ᠵᠢᠱᠢᠶ᠎ᠡ ᠦᠵᠡᠭᠦᠯᠵᠦ ᠳᠠᠶᠢᠴᠢᠯᠠᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠢ ᠤᠬᠠᠭᠤᠯᠬᠤ᠂ ᠲᠠᠶᠢᠯᠪᠤᠷᠢᠯᠠᠬᠤ᠂ ᠳᠠᠶᠢᠴᠢᠯᠠᠬᠤ | ᠠᠵᠢᠯ ᠢ ᠰᠠᠶᠢᠲᠤᠷ ᠬᠢᠵᠦ᠂ ᠲᠠᠷᠢᠶᠠᠨ ᠭᠠᠵᠠᠷ ᠬᠡᠰᠡᠭ ᠢ ᠤᠯᠠᠮ ᠴᠢᠨᠠᠭᠰᠢᠳᠠ ᠰᠠᠶᠢᠲᠤᠷ ᠲᠣᠳᠣᠷᠬᠠᠶᠢᠯᠠᠵᠤ᠂ | ᠮᠦ ᠶᠢᠨ ᠲᠤᠭ᠎ᠠ ᠶᠢ ᠰᠠᠶᠢᠲᠤᠷ ᠲᠥᠯᠥᠪᠵᠢᠭᠦᠯᠵᠦ᠂ ᠨᠢᠭᠲᠠ ᠲᠠᠷᠢᠬᠤ ᠬᠠᠮᠲᠤᠷᠠᠯᠴᠠᠭᠠᠨ ᠤ ᠵᠥᠪᠯᠡᠯᠴᠡᠭᠡᠷ ᠲᠤ | ᠭᠠᠷ ᠤᠨ ᠦᠰᠦᠭ ᠵᠢᠷᠤᠵᠤ᠂ ᠲᠠᠷᠢᠬᠤ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠬᠦ ᠬᠡᠷᠡᠭᠲᠡᠢ ᠭᠡᠪᠡ᠃ | | | |