ᠰᠢᠨ᠎ᠡ ᠴᠠᠭᠳᠠᠭ᠎ᠠ ᠶᠢᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠦ᠂ ︽ᠤᠯᠠᠮᠵᠢᠯᠠᠬᠤ᠂ | ᠬᠠᠪᠰᠤᠷᠬᠤ᠂ ᠳᠠᠭᠠᠭᠤᠯᠬᠤ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠴᠠᠭᠳᠠᠭ᠎ᠠ ᠶᠢᠨ ᠨᠡᠩ ᠰᠠᠶᠢᠨ᠂ ᠨᠡᠩ | ᠲᠦᠷᠭᠡᠨ ᠢᠶᠠᠷ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠶᠢ ᠠᠬᠢᠭᠤᠬᠤ ᠶᠢᠨ ᠲᠥᠯᠥᠭᠡ᠂ 4 ᠰᠠᠷ᠎ᠠ ᠶᠢᠨ 17 ᠤ | ᠡᠳᠦᠷ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2023 ᠣᠨ ᠤ ︽ᠪᠠᠭᠰᠢ ᠱᠠᠪᠢ ᠬᠤᠣᠰᠯᠠᠬᠤ︾ | ᠵᠢᠴᠢ ᠪᠠᠭᠰᠢ ᠪᠠᠷᠢᠬᠤ ᠶᠣᠰᠣᠯᠠᠯ ᠶᠠᠪᠤᠭᠤᠯᠵᠤ᠂ ᠤᠯᠤᠰ ᠲᠥᠷᠥ ᠶᠢᠨ ᠲᠠᠯ᠎ᠠ ᠪᠠᠷ ᠴᠠᠭᠠᠷᠠᠭᠰᠠᠨ᠂ ᠲᠤᠷᠰᠢᠯᠭ᠎ᠠ | ᠪᠠᠶᠠᠯᠢᠭ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠤᠯᠠᠩᠬᠢ ᠰᠢᠯᠢᠳᠡᠭ ᠠᠷᠠᠳ ᠤᠨ ᠴᠠᠭᠳᠠᠭ᠎ᠠ ︽ᠪᠠᠭᠰᠢ︾ | ᠪᠠᠷ ᠤᠷᠢᠭᠳᠠᠨ᠂ ᠴᠠᠭᠳᠠᠭᠠᠨ ᠤ ᠡᠩᠨᠡᠭᠡ ᠳᠤ ᠰᠢᠨ᠎ᠡ ᠪᠠᠷ ᠣᠷᠣᠭᠰᠠᠨ ᠵᠠᠯᠠᠭᠤ ᠠᠷᠠᠳ ᠤᠨ ᠴᠠᠭᠳᠠᠭ᠎ᠠ ᠲᠠᠢ ᠪᠠᠭᠰᠢ | ᠱᠠᠪᠢ ᠶᠢᠨ ᠬᠠᠷᠢᠴᠠᠭ᠎ᠠ ᠪᠠᠶᠢᠭᠤᠯᠵᠦ᠂ ᠪᠥᠬᠦ ᠪᠠᠭᠰᠢ ᠱᠠᠪᠢ ᠶᠢᠨ ᠬᠠᠷᠢᠴᠠᠭ᠎ᠠ ᠪᠠᠶᠢᠭᠤᠯᠤᠭᠰᠠᠨ ᠴᠠᠭᠳᠠᠭ᠎ᠠ ᠨᠠᠷ ᠤᠨ | ᠠᠳᠠᠯ ᠦᠢᠯᠡᠰ ᠴᠣᠭᠴᠠᠯᠠᠬᠤ ᠬᠥᠳᠡᠯᠭᠡᠭᠦ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠳᠣᠲᠣᠭᠠᠳᠤ ᠶᠢ | ᠬᠠᠮᠠᠭᠠᠯᠠᠬᠤ ᠡᠩᠨᠡᠭᠡ ᠶᠢᠨ ᠪᠦᠬᠦᠯᠢ ᠴᠣᠭᠴᠠ ᠶᠢᠨ ᠠᠮᠢᠵᠢᠷᠠᠯ ᠤᠨ ᠬᠦᠴᠦᠨ ᠢ ᠳᠠᠶᠢᠴᠢᠯᠠᠨ ᠳᠡᠭᠡᠭᠰᠢᠯᠡᠭᠦᠯᠪᠡ᠃ | | | |