ᠵᠠᠷᠤᠳ ᠬᠤᠰᠢᠭᠤᠨ ᠤ ᠬᠢᠨ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠬᠢᠨ ᠯᠤᠭ᠎ᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠯᠭᠠᠭᠤᠯᠬᠤ ᠶᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/4/18
    4 ᠰᠠᠷ᠎ᠠ ᠶᠢᠨ 17 ᠤ ᠡᠳᠦᠷ᠂ ᠵᠠᠷᠤᠳ ᠬᠤᠰᠢᠭᠤ ᠬᠢᠨ ᠪᠣᠯᠣᠨ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠬᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠯᠭᠠᠭᠤᠯᠬᠤ ᠶᠢ ᠲᠦᠯᠬᠢᠨ ᠠᠬᠢᠭᠤᠯᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠰᠣᠶᠣᠯ ᠵᠢᠭᠤᠯᠴᠢᠯᠠᠯ᠂ ᠰᠠᠯᠬᠢᠨ ᠭᠡᠷᠡᠯ ᠤᠨ ᠡᠨᠧᠷᠬᠢ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠣᠣ ᠼᠠᠢ ᠶᠠᠨ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠤᠮᠠᠷᠠᠲᠤ ᠣᠷᠣᠨ ᠤ ᠶᠡᠷᠦᠩᠬᠡᠢ ᠬᠡᠯᠲᠡᠰ ᠤᠨ ᠪᠡᠯᠡ ᠣᠷᠤᠭᠤᠯᠤᠯᠲᠠ ᠶᠢᠨ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠭᠧ ᠵᠢᠶᠠᠨ ᠵᠢᠶᠦ᠋ᠨ ᠬᠤᠷᠠᠯ ᠳᠤ ᠣᠷᠣᠯᠴᠠᠪᠠ᠃
9559cc7383228d8279f06d610c69c87.jpg
    ᠱᠤᠤ ᠶᠠᠨ ᠵᠢᠶᠦ᠋ᠨ ᠠᠴᠠ ᠭᠧ ᠵᠢᠶᠠᠨ ᠵᠢᠶᠦ᠋ᠨ ᠨᠠᠷ ᠤᠨ ᠵᠠᠷᠤᠳ ᠬᠤᠰᠢᠭᠤᠨ ᠳᠤ ᠵᠥᠪᠳᠡᠯᠴᠡᠨ ᠬᠠᠮᠲᠤᠷᠠᠯᠴᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠪᠦᠬᠦ ᠬᠤᠰᠢᠭᠤᠨ ᠤ ᠰᠣᠶᠣᠯ ᠵᠢᠭᠤᠯᠴᠢᠯᠠᠯ᠂ ᠰᠢᠨ᠎ᠡ ᠡᠨᠧᠷᠭᠢ ᠵᠢᠴᠢ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠵᠠᠷᠤᠳ ᠬᠤᠰᠢᠭᠤᠨ ᠤ ᠥᠩᠭᠡ ᠦᠵᠡᠮᠵᠢ ᠭᠤᠶᠢᠳᠠ ᠰᠠᠶᠢᠬᠠᠨ᠂ ᠲᠡᠦᠬᠡ ᠰᠣᠶᠣᠯ ᠥᠨᠢ ᠤᠳᠠᠭᠠᠨ᠂ ᠡᠬᠢ ᠦᠷᠭᠦᠯᠵᠢ ᠡᠯᠪᠡᠭ ᠪᠠᠶᠠᠯᠢᠭ᠂ ᠬᠥᠭᠵᠢᠯᠲᠡ ᠶᠢᠨ ᠢᠷᠡᠭᠡᠳᠦᠢ ᠮᠠᠰᠢ ᠰᠠᠷᠠᠭᠤᠯ ᠠᠭᠤᠳᠠᠮ ᠶᠤᠮ᠃ ᠬᠤᠶᠠᠷ ᠲᠠᠯ᠎ᠠ ᠪᠠᠷ ᠢᠶᠠᠨ ᠰᠣᠶᠣᠯ ᠵᠢᠭᠤᠯᠴᠢᠯᠠᠯ᠂ ᠰᠢᠨ᠎ᠡ ᠡᠨᠧᠷᠭᠢ ᠵᠡᠷᠭᠡ ᠬᠦᠷᠢᠶᠡᠨ ᠳᠤ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠪᠥᠬᠦ ᠬᠤᠰᠢᠭᠤᠨ ᠤ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠨ ᠠᠭᠤᠳᠠᠯᠵᠤ᠂ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠢᠯ ᠲᠠᠢ ᠤᠶᠠᠯᠳᠤᠭᠤᠯᠬᠤ ᠪᠠᠷ ᠳᠡᠮᠵᠢᠨ᠂ ᠪᠡᠶ᠎ᠡ ᠪᠠᠷ ᠢᠶᠠᠨ ᠣᠶᠢᠯᠠᠭᠠᠬᠤ ᠴᠢᠨᠠᠷ ᠢᠶᠠᠷ ᠴᠢᠩᠭ᠎ᠠ ᠰᠣᠳᠣᠨ ᠵᠢᠭᠤᠯᠴᠢᠯᠠᠯ ᠤᠨ ᠵᠠᠮ ᠱᠤᠭᠤᠮ ᠢ  ᠨᠡᠬᠡᠬᠡᠵᠦ᠂ ᠵᠠᠷᠤᠳ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠯᠳᠠᠷᠰᠢᠯ᠂ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠵᠦ᠂ ︽ᠬᠠᠮᠤᠭ ᠤᠨ ᠭᠤᠶᠣ ᠠᠭᠤᠯᠠᠷᠬᠠᠭ ᠭᠠᠵᠠᠷ︾ ᠤᠨ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠵᠢᠷᠤᠭ ᠲᠥᠯᠥᠪᠯᠡᠭᠡ ᠵᠡᠷᠭᠡ ᠠᠵᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠦᠲᠦᠭᠡᠨ ᠪᠠᠶᠢᠭᠤᠯᠬᠤ ᠡᠭᠦᠷᠭᠡ ᠶᠢᠨ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠨ᠂ ᠲᠥᠷᠥᠯ ᠵᠦᠢᠯ ᠢ ᠡᠷᠲᠡ ᠪᠣᠲᠠᠲᠠᠶᠢᠵᠢᠭᠤᠯᠣᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ︽ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠪᠡ᠃
54664c1c0f309ed2b04fd701c03b870.jpg
    ᠭᠧ ᠵᠢᠶᠠᠨ ᠵᠢᠶᠦ᠋ᠨ ᠢᠯᠡᠷᠬᠡᠶᠢᠯᠡᠬᠦ ᠳᠡᠭᠡᠨ᠂ ᠵᠠᠷᠤᠳ ᠬᠤᠰᠢᠭᠤᠨ ᠤ ᠡᠬᠢ ᠪᠠᠶᠠᠯᠢᠭ ᠡᠯᠪᠡᠭ ᠳᠡᠯᠪᠡᠭ᠂ ᠭᠠᠵᠠᠷ ᠵᠦᠢ ᠶᠢᠨ ᠪᠠᠶᠢᠷᠢᠯᠠᠯ ᠨᠢ ᠳᠠᠪᠠᠭᠤᠯᠢᠭ᠂ ᠵᠠᠮ ᠬᠠᠷᠢᠯᠴᠠᠭ᠎ᠠ ᠳᠥᠭᠦᠮ ᠳᠥᠲᠡ᠂ ᠬᠥᠭᠵᠢᠯᠲᠡ ᠶᠢᠨ ᠬᠠᠨᠳᠤᠰᠢ ᠴᠢᠩᠭ᠎ᠠ ᠪᠠᠶᠢᠵᠤ᠂ ᠠᠵᠤ ᠠᠬᠤᠶᠢᠯᠠᠯ ᠬᠢᠨ ᠵᠠᠷᠤᠳ ᠬᠤᠰᠢᠭᠤᠨ ᠤ ᠬᠥᠭᠵᠢᠯᠲᠡ ᠶᠢᠨ ᠰᠡᠳᠬᠢᠴᠡ ᠲᠠᠢ ᠣᠨᠣᠴᠠᠲᠠᠢ ᠪᠠᠷ ᠵᠣᠯᠭᠠᠭᠤᠯᠵᠤ᠂ ᠵᠠᠷᠤᠳ ᠬᠤᠰᠢᠭᠤᠨ ᠤ ᠰᠢᠨ᠎ᠡ ᠡᠨᠧᠷᠭᠢ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠲᠠᠢ ᠭᠦᠢᠴᠡᠳ ᠤᠶᠠᠯᠳᠤᠭᠤᠯᠤᠨ᠂ ᠰᠠᠯᠬᠢᠨ ᠤ ᠬᠦᠴᠦᠨ ᠢᠶᠠᠷ ᠴᠠᠬᠢᠯᠭᠠᠨ ᠭᠠᠷᠭᠠᠬᠤ᠂ ᠬᠡᠷᠡᠯ ᠢᠶᠠᠷ ᠴᠠᠬᠢᠯᠭᠠᠨ ᠭᠠᠷᠭᠠᠬᠤ᠂ ᠤᠰᠤ ᠲᠠᠲᠠᠵᠤ ᠡᠨᠧᠷᠭᠢ ᠬᠠᠳᠠᠭᠠᠯᠠᠬᠤ ᠵᠡᠷᠭᠡ ᠲᠠᠯ᠎ᠠ ᠶᠢᠨ ᠲᠣᠭᠤᠷᠢᠨ ᠳᠤ ᠬᠠᠮᠲᠤᠷᠠᠯᠴᠠᠭ᠎ᠠ ᠥᠷᠨᠢᠭᠦᠯᠵᠦ᠂ ᠬᠥᠭᠵᠢᠯᠲᠡ ᠶᠢᠨ ᠵᠢᠷᠤᠭ ᠲᠥᠯᠥᠪᠯᠡᠭᠡ ᠶᠢ ᠬᠠᠮᠲᠤ ᠪᠠᠷ ᠵᠢᠷᠤᠭᠯᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号