| 4 ᠰᠠᠷ᠎ᠠ ᠶᠢᠨ 18 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠳᠡᠳ᠋ ᠬᠤᠰᠢᠭᠤᠨ ᠳᠠᠷᠤᠭ᠎ᠠ ᠪᠠᠲᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ | ᠬᠤᠰᠢᠭᠤᠨ ᠳᠠᠷᠤᠭ᠎ᠠ ᠼᠤᠤ ᠢᠦᠢ ᠯᠦᠩ ᠦᠯᠵᠡᠶᠢᠮᠦ᠋ᠷᠡᠨ ᠰᠤᠮᠤᠨ ᠳᠤ ᠬᠦᠷᠴᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠦᠬᠡᠷ ᠤᠨ ᠠᠵᠤ ᠦᠢᠯᠡᠰ ᠢ ᠬᠥᠭᠵᠢᠭᠦᠯᠬᠦ᠂ ᠠᠶᠤᠯᠭᠦᠢ ᠦᠢᠯᠡᠳᠪᠦᠷᠢᠯᠡᠯ᠂ ᠣᠶ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠵᠠᠬᠢᠳᠠᠯ ᠰᠣᠷᠪᠤᠯᠵᠢᠯᠠᠭ᠎ᠠ ᠵᠡᠷᠭᠡ ᠠᠵᠢᠯ ᠢ ᠪᠠᠶᠢᠴᠠᠭᠠᠨ | ᠰᠤᠳᠣᠯᠵᠤ ᠵᠢᠭᠠᠨ ᠵᠢᠯᠣᠭᠤᠳᠪᠠ᠃ | | | ᠪᠠᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠠᠯᠠᠰᠢᠨ ᠦᠬᠡᠷ ᠤᠨ ᠠᠵᠤ ᠦᠢᠯᠡᠰ ᠤᠨ ᠪᠠᠶᠢᠷᠢᠰᠢᠭᠤᠯᠤᠯᠲᠠ | ᠪᠣᠯᠣᠨ ᠬᠥᠭᠵᠢᠯᠲᠡ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠥᠯᠥᠪᠵᠢᠭᠦᠯᠵᠦ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠢ︔ ᠡᠬᠢ | ᠪᠠᠶᠠᠯᠢᠭ ᠤᠨ ᠳᠠᠪᠠᠭᠤᠯᠢᠭ ᠢᠶᠠᠨ ᠰᠠᠶᠢᠲᠤᠷ ᠠᠰᠢᠭᠯᠠᠵᠤ᠂ ᠲᠤᠰ ᠭᠠᠵᠠᠷ ᠤᠨ ᠣᠨᠴᠠᠯᠢᠭ ᠲᠠᠢ ᠪᠠᠨ ᠤᠶᠠᠯᠳᠤᠭᠤᠯᠵᠤ᠂ | ᠪᠣᠯᠪᠠᠰᠤᠷᠠᠯ ᠪᠠ ᠰᠣᠯᠢᠯᠴᠠᠭ᠎ᠠ ᠶᠢ ᠴᠢᠩᠭᠠᠳᠬᠠᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ᠂ ᠠᠵᠤ | ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠬᠡᠷᠡᠭᠲᠡᠢ ᠭᠡᠪᠡ᠃ | ᠪᠠᠲᠤ ᠴᠢᠬᠤᠯᠠᠴᠢᠯᠠᠭᠰᠠᠨ ᠨᠢ᠂ ᠭᠠᠯ ᠰᠡᠷᠭᠡᠶᠢᠯᠡᠬᠦ᠂ ᠬᠠᠪᠤᠷ ᠤᠨ ᠲᠠᠷᠢᠶᠠᠯᠠᠭ᠎ᠠ ᠶᠢ ᠪᠠᠲᠤᠯᠠᠬᠤ ᠪᠠᠷ ᠭᠤᠣᠯᠳᠠᠯᠭ᠎ᠠ | ᠪᠣᠯᠭᠠᠵᠤ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠬᠠᠮᠲᠤ᠂ ᠲᠠᠷᠢᠶᠠᠯᠠᠬᠤ ᠴᠠᠭ ᠢ ᠠᠮᠵᠢᠨ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠢ ᠥᠷᠨᠢᠭᠦᠯᠵᠦ᠂ ᠲᠠᠷᠢᠶᠠᠯᠠᠩ ᠤᠨ ᠮᠠᠰᠢᠨ ᠪᠠᠭᠠᠵᠢ ᠶᠢᠨ ᠵᠠᠮ ᠬᠠᠷᠢᠯᠴᠠᠭᠠᠨ ᠤ | ᠠᠮᠤᠷ ᠲᠦᠪᠰᠢᠨ ᠤ ᠤᠬᠠᠭᠤᠯᠭ᠎ᠠ ᠵᠢᠴᠢ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠮᠡᠳᠡᠯᠭᠡ ᠶᠢᠨ | ᠤᠬᠠᠭᠤᠯᠭ᠎ᠠ ᠶᠢ ᠢᠳᠡᠪᠬᠢᠲᠡᠢ ᠰᠠᠶᠢᠲᠤᠷ ᠬᠢᠵᠦ᠂ ᠲᠣᠰᠬᠤᠨ ᠤ ᠠᠷᠠᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ | ᠤᠬᠠᠮᠰᠠᠷ ᠢ ᠳᠡᠭᠡᠭᠰᠢᠯᠡᠭᠦᠯᠵᠦ᠂ ᠭᠠᠯ ᠰᠡᠷᠭᠡᠶᠢᠯᠡᠬᠦ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ | ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠦ ᠠᠮᠤᠷ ᠲᠦᠪᠰᠢᠨ ᠤ | ᠬᠠᠯᠬᠠᠪᠴᠢ ᠶᠢ ᠬᠠᠩᠭᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠳᠣᠷᠣᠭᠰᠢ ᠪᠠᠭᠤᠵᠤ ᠪᠠᠶᠢᠳᠠᠯ ᠢ ᠣᠶᠢᠯᠠᠭᠠᠵᠤ᠂ | ᠵᠥᠷᠢᠴᠡᠯ ᠵᠠᠭᠤᠷᠠᠯᠳᠤᠭᠠᠨ ᠢ ᠮᠥᠷᠳᠡᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠠᠵᠢᠯ ᠢ ᠪᠠᠶᠢᠩᠭᠤ ᠥᠷᠨᠢᠭᠦᠯᠵᠦ | ᠂ ᠳᠠᠯᠲᠠ ᠭᠡᠮ ᠢ ᠴᠤᠬᠤᠶᠢᠬᠤ ᠳᠤᠨᠢ ᠠᠷᠢᠯᠭᠠᠵᠤ᠂ ᠠᠶᠤᠯ ᠲᠦᠭᠰᠢᠭᠦᠷᠢ ᠶᠢ ᠢᠯᠡ ᠪᠤᠰᠤ ᠳᠤᠨᠢ ᠠᠷᠢᠯᠭᠠᠵᠤ᠂ | ᠵᠥᠷᠢᠴᠡᠯ ᠢ ᠡᠭᠦᠰᠬᠦ ᠠᠴᠠ ᠡᠮᠦᠨ᠎ᠡ ᠠᠷᠢᠯᠭᠠᠵᠤ᠂ ᠠᠵᠢᠯ ᠤᠨ ᠬᠠᠷᠢᠭᠤᠴᠠᠯᠭ᠎ᠠ ᠪᠠᠨ ᠮᠡᠳᠡᠬᠦ᠂ ᠠᠵᠢᠯ ᠤᠨ | ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠬᠦ᠂ ᠠᠵᠢᠯ ᠤᠨ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ ᠭᠡᠪᠡ᠃ | | |