ᠵᠠᠷᠤᠳ ᠬᠤᠰᠢᠭᠤ᠄ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ  ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2023/4/19
    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ᠂ ᠵᠣᠷᠯᠣᠩ ᠢ ᠤᠷᠢᠳᠠᠪᠠᠷ ᠥᠭᠡᠷᠡᠴᠢᠯᠡᠨ᠎ᠡ᠃ ︽ᠵᠣᠷᠯᠣᠩ ᠤᠨ ᠥᠭᠡᠷᠡᠴᠢᠯᠡᠯᠲᠡ︾ ᠶᠢᠨ ᠭᠤᠣᠯᠳᠠᠯᠭ᠎ᠠ ᠨᠢ ᠬᠥᠳᠡᠭᠡ ᠲᠣᠰᠬᠤᠨ ᠳᠤ ᠪᠣᠶ᠂ ᠬᠦᠴᠢᠷᠳᠡᠯ ᠨᠢ ᠴᠦ ᠬᠥᠳᠡᠭᠡ ᠲᠣᠰᠬᠤᠨ ᠳᠤ ᠪᠣᠶ᠂ ᠬᠥᠳᠡᠭᠡ ᠲᠣᠰᠬᠤᠨ ᠤ ︽ᠵᠣᠷᠯᠣᠩ ᠤᠨ ᠥᠭᠡᠷᠡᠴᠢᠯᠡᠯᠲᠡ︾ ᠪᠣᠯ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠣᠶᠢᠷ᠎ᠠ ᠶᠢᠨ ᠵᠢᠯ ᠠᠴᠠ᠂ ᠵᠠᠷᠤᠳ ᠬᠤᠰᠢᠭᠤᠨ ᠤ ᠬᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠲᠣᠰᠬᠤᠨ ᠤ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ︽ᠡᠷᠦᠬᠡ ᠶᠢᠨ ᠵᠣᠷᠯᠣᠩ ᠢ ᠥᠭᠡᠷᠡᠴᠢᠯᠡᠬᠦ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃     
微信图片_20230419110945.jpg
     ᠥᠷᠭᠡᠨ ᠢᠶᠠᠷ ᠤᠬᠠᠭᠤᠯᠤᠨ ᠳᠠᠶᠢᠴᠢᠯᠠᠪᠠ᠃ ︽ᠵᠠᠰᠠᠭ ᠤᠨ ᠣᠷᠳᠣᠨ ᠬᠥᠲᠥᠯᠥᠨ ᠵᠢᠯᠤᠭᠤᠳᠴᠤ᠂ ᠲᠠᠷᠢᠶᠠᠴᠢᠳ ᠢᠶᠠᠷ ᠭᠤᠣᠯ ᠴᠣᠭᠴᠠ ᠪᠣᠯᠬᠤ︾ ︽ᠤᠷᠢᠳᠠᠪᠠᠷ ᠲᠥᠯᠥᠪᠵᠢᠭᠦᠯᠵᠦ᠂ ᠨᠢᠭᠡᠳᠦᠯᠲᠡᠢ ᠲᠥᠯᠥᠪᠯᠡᠨ ᠠᠬᠢᠭᠤᠯᠬᠤ︾ ︽ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ︾ ︽ᠬᠦᠴᠦᠲᠡᠢ ᠪᠥᠭᠡᠳ ᠡᠮᠬᠢ ᠵᠢᠷᠤᠮ  ᠲᠠᠢ᠂ ᠪᠤᠳᠠᠳᠠᠢ ᠶᠢ ᠡᠷᠬᠢᠮᠯᠡᠨ ᠥᠨᠳᠥᠷ ᠪᠦᠲᠦᠮᠵᠢᠲᠡᠢ ᠪᠠᠶᠢᠬᠤ︾ ᠵᠠᠷᠴᠢᠮ ᠢ ᠪᠠᠷᠢᠮᠲᠠᠯᠠᠵᠤ᠂ ︽ᠵᠣᠷᠯᠣᠩ ᠤᠨ ᠥᠭᠡᠷᠡᠴᠢᠯᠡᠯᠲᠡ︾ ᠶᠢ ᠰᠠᠶᠢᠲᠤᠷ ᠠᠳᠬᠤᠬᠤ ᠶᠢ ᠲᠠᠷᠢᠶᠠᠴᠢᠳ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠳᠠᠳᠬᠠᠯ ᠢ ᠬᠤᠪᠢᠷᠠᠭᠤᠯᠬᠤ᠂ ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠠ ᠣᠶᠤᠨ ᠤ ᠪᠣᠯᠪᠠᠰᠤᠨ ᠢ ᠪᠠᠶᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠳᠠᠶᠢᠴᠢᠯᠠᠯᠲᠠ ᠶᠢᠨ ᠠᠵᠢᠯ ᠢ ᠥᠷᠨᠢᠭᠦᠯᠵᠦ᠂ ᠲᠠᠷᠢᠶᠠᠴᠢᠨ ᠮᠠᠯᠴᠢᠨ ᠲᠦᠮᠡᠨ ᠤ ︽ᠵᠣᠷᠯᠣᠩ ᠤᠨ ᠥᠭᠡᠷᠡᠴᠢᠯᠡᠯᠲᠡ︾ ᠶᠢᠨ ᠲᠤᠬᠠᠢ ᠲᠠᠨᠢᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠠᠯᠪᠠᠳᠠᠯᠭ᠎ᠠ ᠪᠠᠷ ᠥᠭᠡᠷᠡᠴᠢᠯᠡᠬᠦ︾ ᠪᠠᠶᠢᠭᠰᠠᠨ ᠠᠴᠠ ︽ᠪᠢ ᠥᠭᠡᠷᠡᠴᠢᠯᠡᠬᠦ︾ ᠪᠣᠯᠭᠠᠨ ᠬᠤᠪᠢᠷᠠᠭᠤᠯᠪᠠ᠃     ᠤᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠪᠡ᠃ ᠲᠣᠰ ᠭᠠᠵᠠᠷ ᠣᠷᠣᠨ ᠤ ᠭᠠᠵᠠᠷ ᠵᠦᠢ ᠶᠢᠨ ᠣᠷᠴᠢᠨ ᠲᠣᠭᠤᠷᠢᠨ᠂ ᠣᠯᠠᠨ ᠲᠦᠮᠡᠨ ᠤ ᠠᠮᠢᠳᠤᠷᠠᠯ ᠤᠨ ᠵᠠᠩ ᠳᠠᠳᠬᠠᠯ ᠵᠡᠷᠭᠡ ᠣᠯᠠᠨ ᠶᠠᠩᠵᠤ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠵᠣᠷᠯᠣᠩ ᠢ ᠥᠭᠡᠷᠡᠴᠢᠯᠡᠬᠦ ᠠᠵᠢᠯ ᠤᠨ ᠵᠠᠭᠪᠤᠷ ᠪᠠ ᠠᠬᠢᠴᠠ ᠶᠢ ᠰᠠᠶᠢᠲᠤᠷ ᠡᠵᠡᠮᠳᠡᠬᠦ ᠬᠡᠷᠡᠭᠲᠡᠢ᠃ ᠳᠣᠣᠷ᠎ᠠ ᠠᠴᠠ ᠳᠡᠭᠡᠭᠰᠢ ᠡᠭᠦᠷᠭᠡ ᠲᠣᠭᠲᠠᠭᠠᠵᠤ᠂ ᠵᠢᠯ ᠪᠦᠷᠢ ᠶᠢᠨ ᠵᠣᠷᠯᠣᠩ ᠤᠨ ᠥᠭᠡᠷᠡᠴᠢᠯᠡᠯᠲᠡ ᠶᠢᠨ ᠲᠤᠭ᠎ᠠ ᠬᠡᠮᠵᠢᠶ᠎ᠡ ᠶᠢ ᠡᠯ᠎ᠡ ᠰᠤᠮᠤ ᠪᠠᠯᠭᠠᠰᠤ ᠲᠠᠯᠠᠪᠠᠶ ᠠᠴᠠ ᠪᠠᠶᠢᠴᠠᠭᠠᠨ ᠰᠤᠳᠤᠯᠵᠤ ᠨᠤᠲᠠᠯᠠᠯᠲᠠ ᠬᠢᠵᠦ᠂ ᠬᠠᠮᠤᠭ ᠡᠴᠦᠰ ᠲᠤ ᠣᠯᠠᠨ ᠲᠦᠮᠡᠨ ᠤ ᠬᠦᠰᠡᠯ ᠰᠠᠨᠠᠭ᠎ᠠ ᠶᠢ ᠰᠣᠨᠣᠰᠴᠤ ᠲᠤᠭ᠎ᠠ ᠬᠡᠮᠵᠢᠶ᠎ᠡ ᠶᠢ  ᠪᠦᠷᠢᠳᠭᠡᠪᠡ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠢᠨ ᠡᠯ᠎ᠡ ᠭᠠᠵᠠᠷ ᠤᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠲᠣᠭᠤᠷᠢᠭ ᠬᠤᠪᠢᠶᠠᠨ ᠲᠥᠷᠥᠯ ᠬᠤᠪᠢᠶᠠᠵᠤ ᠪᠠᠶᠢᠭᠠᠳ ᠵᠣᠷᠯᠣᠩ ᠢ ᠥᠭᠡᠷᠡᠴᠢᠯᠡᠬᠦ ᠬᠠᠷᠠᠯᠲᠠ ᠶᠢ ᠳᠤᠷᠠᠳᠤᠨ ᠭᠠᠷᠭᠠᠪᠠ᠃ ᠲᠠᠷᠢᠶᠠᠴᠢᠳ ᠤᠨ ᠶᠠᠪᠤᠳᠠᠯ ᠢ  ᠲᠠᠷᠢᠶᠠᠴᠢᠳ ᠢᠶᠠᠷ ᠬᠢᠯᠭᠡᠬᠦ ᠶᠢ ᠪᠠᠷᠢᠮᠲᠠᠯᠠᠨ᠂ ᠤᠷᠢᠳ ᠢᠶᠠᠷ ᠪᠠᠶᠢᠭᠤᠯᠵᠤ ᠲᠠᠷᠠᠭ᠎ᠠ ᠨᠢ ᠨᠥᠬᠦᠪᠦᠷᠢᠯᠡᠬᠦ᠂ ᠡᠷᠲᠡ ᠬᠢᠪᠡᠯ ᠡᠷᠲᠡ ᠨᠥᠬᠦᠪᠦᠷᠢᠯᠡᠬᠦ᠂ ᠢᠯᠡᠭᠦᠦ ᠬᠢᠪᠡᠯ ᠢᠯᠡᠭᠦᠦ ᠨᠥᠬᠦᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠦᠴᠦ ᠬᠥᠳᠡᠯᠮᠦᠷᠢ ᠣᠷᠣᠭᠤᠯᠵᠤ᠂ ᠤᠯᠠᠨ ᠲᠦᠮᠡᠨ ᠢ ᠵᠣᠬᠢᠶᠠᠨ ᠪᠠᠶᠢᠭᠤᠯᠤᠨ ᠪᠦᠬᠦ ᠶᠠᠪᠤᠴᠠ ᠳᠤ ᠦᠢᠯᠡᠳᠬᠦᠨ ᠢ ᠲᠣᠭᠲᠠᠭᠠᠬᠤ᠂ ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ᠂ ᠪᠠᠷᠢᠯᠭ᠎ᠠ ᠶᠢᠨ ᠠᠵᠢᠯ ᠢ ᠰᠢᠯᠭᠠᠨ ᠬᠤᠷᠢᠶᠠᠬᠤ᠂ ᠰᠡᠭᠦᠯᠴᠢ ᠶᠢᠨ ᠬᠤᠭᠤᠴᠠᠭᠠᠨ ᠳᠤ ᠬᠠᠮᠢᠶᠠᠷᠴᠤ ᠬᠠᠮᠠᠭᠠᠯᠠᠬᠤ ᠠᠵᠢᠯ ᠳᠤ ᠣᠷᠣᠯᠴᠠᠭᠤᠯᠵᠤ᠂ ᠵᠠᠰᠠᠭ ᠤᠨ ᠣᠷᠳᠣᠨ ᠠᠴᠠ ᠪᠦᠬᠦᠨ ᠢ ᠳᠠᠭᠠᠭᠠᠨ ᠠᠪᠴᠤ ᠬᠠᠮᠢᠶᠠᠷᠬᠤ ᠠᠴᠠ ᠵᠠᠶᠢᠯᠠᠰᠭᠡᠪᠡ᠃    
微信图片_20230419110941.jpg
    ᠦᠢᠯᠡᠳᠬᠦᠨ ᠤ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠬᠤ ᠶᠢ ᠴᠢᠬᠤᠯᠠᠴᠢᠯᠠᠪᠠ᠃ ᠢᠨᠵᠧᠨᠧᠷᠢᠩ ᠤᠨ ᠶᠠᠰᠤ ᠴᠢᠨᠠᠷ ᠢ ᠢᠮᠠᠭᠲᠠ ᠬᠥᠳᠡᠭᠡ ᠲᠣᠰᠬᠤᠨ ᠤ ᠵᠣᠷᠯᠣᠩ ᠤᠨ ᠥᠭᠡᠷᠡᠴᠢᠯᠡᠯᠲᠡ ᠶᠢᠨ ᠠᠮᠢᠨ ᠰᠤᠳᠠᠰᠤ ᠪᠣᠯᠭᠠᠵᠤ᠂ ᠲᠡᠦᠬᠡ᠂ ᠦᠢᠯᠡᠳᠦᠯᠭᠡ ᠪᠠ ᠣᠯᠠᠨ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠳᠤᠯᠠᠪᠠ᠃ ᠦᠢᠯᠡᠳᠬᠦᠨ ᠪᠠ ᠪᠠᠷᠢᠯᠭ᠎ᠠ ᠶᠢᠨ ᠡᠩᠨᠡᠭᠡ ᠶᠢ ᠵᠦᠪᠰᠢᠶᠡᠷᠡᠨ ᠤᠷᠤᠭᠤᠯᠬᠤ ᠪᠣᠭᠤᠮᠲᠠ᠂ ᠪᠠᠷᠢᠯᠭ᠎ᠠ ᠶᠢᠨ ᠠᠵᠢᠯ ᠤᠨ ᠬᠢᠨᠠᠯᠲᠠ ᠬᠠᠮᠢᠶᠠᠷᠤᠯᠲᠠ ᠪᠠ ᠤᠯᠠᠨ ᠲᠦᠮᠡᠨ ᠤ ᠬᠢᠨᠠᠯᠲᠠ ᠲᠠᠯᠪᠢᠯᠲᠠ ᠶᠢᠨ ᠪᠣᠭᠤᠮᠲᠠ᠂ ᠪᠠᠷᠢᠯᠭ᠎ᠠ ᠳᠠᠭᠤᠰᠤᠭᠰᠠᠨ ᠤ ᠲᠠᠷᠠᠭ᠎ᠠ ᠰᠢᠯᠭᠠᠨ ᠬᠤᠷᠢᠶᠠᠬᠤ ᠪᠣᠭᠤᠮᠲᠠ ᠶᠢ ᠴᠢᠩᠭ᠎ᠠ ᠠᠳᠬᠤᠵᠤ᠂ ᠬᠥᠳᠡᠭᠡ ᠲᠣᠰᠬᠤᠨ ᠤ ᠵᠣᠷᠯᠣᠩ ᠤᠨ ᠥᠭᠡᠷᠡᠴᠢᠯᠡᠯᠲᠡ ᠶᠢᠨ ᠰᠠᠭᠤᠷᠢ ᠶᠢ ᠪᠠᠲᠤᠯᠠᠬᠤ᠂ ᠪᠣᠭᠤᠮᠲᠠ ᠶᠢ ᠰᠠᠶᠢᠲᠤᠷ ᠠᠳᠬᠤᠵᠦ᠂ ᠦᠯᠡᠳᠡᠭᠳᠡᠯ ᠠᠰᠠᠭᠤᠳᠠᠯ ᠦᠭᠡᠢ ᠪᠠᠶᠢᠬᠤ ᠶᠢ ᠦᠨᠡᠨ ᠬᠦ ᠪᠠᠳᠤᠯᠠᠪᠠ᠃    ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠪᠠ᠃ ᠵᠣᠷᠯᠣᠩ ᠢ ᠰᠡᠯᠪᠢᠨ ᠵᠠᠰᠠᠬᠤ᠂ ᠢᠯᠭᠠᠳᠠᠰᠤ ᠪᠣᠬᠢᠷᠲᠤᠯ ᠢ ᠴᠡᠪᠡᠷᠯᠡᠨ ᠲᠡᠭᠡᠭᠡᠪᠦᠷᠢᠯᠡᠬᠦ ᠪᠠ ᠢᠯᠭᠠᠳᠠᠰᠤᠨ ᠤ ᠪᠣᠬᠢᠷᠲᠤᠯ ᠢ ᠬᠤᠣᠷ ᠦᠭᠡᠢ ᠪᠣᠯᠭᠠᠨ ᠰᠢᠢᠳᠪᠦᠷᠢᠯᠡᠵᠦ ᠠᠰᠢᠭᠯᠠᠬᠤ ︽ᠭᠤᠷᠪᠠᠨ ᠵᠦᠢᠯ ᠤᠨ ᠲᠣᠭᠲᠠᠴᠠ︾ ᠶᠢ ᠰᠦᠪᠡᠭᠴᠢᠯᠡᠨ ᠪᠠᠶᠢᠭᠤᠯᠵᠤ᠂ ᠲᠣᠰᠬᠤᠨ ᠪᠦᠷᠢ ᠳᠤ ᠵᠣᠷᠯᠣᠩ ᠥᠭᠡᠷᠡᠴᠢᠯᠡᠬᠦ ᠲᠣᠰᠬᠤᠨ ᠤ ᠬᠠᠮᠢᠶᠠᠷᠤᠭᠴᠢ 1 ᠲᠣᠬᠢᠷᠠᠭᠤᠯᠤᠨ᠂ ᠢᠯᠭᠠᠳᠠᠰᠤ ᠲᠡᠭᠡᠭᠡᠬᠦ ᠲᠡᠷᠭᠡ 1 ᠲᠣᠬᠢᠷᠠᠭᠤᠯᠵᠤ᠂ ᠬᠠᠲᠠᠭᠤ ᠬᠡᠷᠡᠭᠰᠡᠯ ᠤᠨ ᠲᠣᠬᠢᠷᠠᠭᠤᠯᠤᠯᠲᠠ ᠪᠠ ᠦᠢᠯᠡᠴᠢᠯᠡᠭᠡᠨ ᠤ ᠶᠠᠰᠤ ᠴᠢᠨᠠᠷ ᠢ ᠪᠠᠳᠤᠯᠠᠪᠠ᠃ ᠡᠭᠦᠨ ᠤ ᠬᠠᠮᠲᠤ ᠵᠣᠷᠯᠣᠩ ᠢ ᠰᠡᠯᠪᠢᠨ ᠵᠠᠰᠠᠬᠤ ᠬᠠᠮᠢᠶᠠᠷᠤᠭᠴᠢ ᠶᠢ ᠲᠣᠬᠢᠷᠠᠭᠤᠯᠵᠤ᠂ ᠲᠣᠮᠣ ᠳ᠋ᠠᠶᠢᠲ᠋ᠠ ᠶᠢᠨ ᠡᠬᠢ ᠪᠠᠶᠠᠯᠢᠭ ᠲᠤ ᠲᠦᠰᠢᠭᠯᠡᠨ᠂ ᠬᠥᠳᠡᠭᠡ ᠲᠣᠰᠬᠤᠨ ᠤ ᠵᠣᠷᠯᠣᠩ ᠤᠨ ᠥᠭᠡᠷᠡᠴᠢᠯᠡᠯᠲᠡ ᠶᠢᠨ ᠣᠶᠤᠨᠴᠢᠯᠠᠭᠰᠠᠨ ᠲᠠᠪᠴᠠᠩ ᠢ ᠪᠠᠶᠢᠭᠤᠯᠵᠤ᠂ ᠡᠳᠦᠷ ᠲᠤᠵᠢ ᠴᠤᠤᠷᠢᠶᠠᠲᠤᠨ ᠳᠠᠭᠠᠵᠤ᠂ ᠬᠠᠯᠠᠮᠵᠢᠯᠠᠯ ᠤᠲᠠᠰᠤ ᠶᠢ 24 ᠴᠠᠭ ᠢᠶᠠᠷ ᠨᠠᠪᠲᠠᠷᠡᠭᠦᠯᠵᠦ᠂ ᠭᠡᠷ ᠠᠴᠠ ᠪᠠᠨ ᠭᠠᠷᠬᠤ ᠦᠭᠡᠢ ᠪᠠᠷ ᠥᠪᠡᠷ ᠢᠶᠠᠨ ᠮᠡᠳᠡᠭᠦᠯᠦᠨ ᠵᠠᠰᠠᠭᠤᠯᠵᠤ᠂ ᠰᠤᠭᠤᠯᠤᠨ ᠮᠡᠳᠡᠭᠦᠯᠪᠡᠯ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠥᠰ ᠭᠡᠷ ᠲᠤᠨᠢ ᠬᠦᠷᠴᠦ ᠦᠢᠯᠡᠴᠢᠯᠡᠨ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾  ᠢ ᠨᠡᠪᠲᠡᠷᠡᠭᠦᠯᠪᠡ᠃     ᠡᠬᠢ ᠪᠠᠶᠠᠯᠢᠭᠵᠢᠭᠤᠯᠤᠨ ᠠᠰᠢᠭᠯᠠᠬᠤ ᠶᠢ ᠬᠠᠶᠢᠨ ᠰᠦᠪᠡᠭᠴᠢᠯᠡᠪᠡ᠃ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠠᠭᠠᠰᠤ ᠢᠯᠭᠠᠳᠠᠰᠤ ᠶᠢ ᠰᠢᠨᠵᠢᠯᠡᠬᠦ ᠤᠬᠠᠭᠠᠨᠴᠢ ᠪᠠᠷ ᠬᠤᠷᠢᠶᠠᠨ ᠲᠡᠭᠡᠭᠡᠪᠦᠷᠢᠯᠡᠬᠦ ᠪᠠ ᠰᠢᠢᠳᠪᠦᠷᠢᠯᠡᠵᠦ᠂ ᠵᠣᠷᠯᠣᠩ ᠤᠨ ᠬᠠᠶᠠᠭᠳᠠᠮᠠᠯ ᠪᠣᠳᠠᠰ ᠢ ᠦᠢᠯᠡᠳᠪᠦᠷᠢᠯᠡᠯ ᠠᠮᠢᠳᠤᠷᠠᠯ ᠤᠨ ᠠᠰᠢᠭᠯᠠᠯᠳᠠ ᠶᠢᠨ ᠡᠳ᠋ ᠪᠣᠯᠭᠠᠨ ᠬᠤᠪᠢᠷᠠᠭᠤᠯᠵᠤ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ︽ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ︾ ᠶᠢ ᠪᠡᠶᠡᠯᠡᠭᠦᠯᠪᠡ᠃ ᠨᠠᠮᠤᠭ ᠤᠨ ᠬᠡᠢ ᠪᠤᠯᠭᠠᠨ ᠢᠰᠬᠡᠵᠦ ᠦᠢᠯᠡᠳᠬᠦ ᠠᠷᠭ᠎ᠠ ᠶᠢ ᠠᠰᠢᠭᠯᠠᠨ᠂ ᠣᠶᠢᠷ᠎ᠠ ᠬᠠᠪᠢ ᠶᠢᠨ ᠠᠶᠢᠯ ᠲᠣᠰᠬᠤᠨ ᠳᠤ ᠬᠡᠷᠡᠭᠯᠡᠭᠦᠯᠦᠭᠡᠳ᠂ ᠤᠯᠠᠨ ᠲᠦᠮᠡᠨ ᠤ ᠠᠮᠢᠳᠤᠷᠠᠯ ᠤᠨ ᠥᠪᠡᠷ ᠤᠨ ᠦᠷᠳᠡᠭ ᠢ ᠪᠠᠭᠤᠷᠠᠭᠤᠯᠤᠭᠰᠠᠨ ᠮᠥᠷᠲᠡᠭᠡᠨ ᠪᠠᠰᠠ ᠠᠶᠢᠯ ᠲᠣᠰᠬᠤᠨ ᠤ ᠠᠮᠢ ᠠᠬᠤᠢ ᠶᠢᠨ ᠣᠷᠴᠢᠨ ᠨᠥᠬᠦᠴᠡᠯ ᠢ ᠴᠡᠪᠡᠷᠰᠢᠭᠦᠯᠵᠦ᠂ ᠬᠠᠶᠠᠭᠳᠠᠮᠠᠯ ᠢ ᠡᠷᠳᠡᠨᠢ ᠪᠣᠯᠭᠠᠬᠤ᠂ ᠡᠨᠧᠷᠭᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠵᠣᠷᠢᠯᠭ᠎ᠠ ᠳᠤ ᠬᠦᠷᠦᠭᠰᠡᠨ ᠪᠠᠶᠢᠨ᠎ᠠ᠃ ᠪᠥᠬᠦ ᠴᠠᠷᠠᠭ᠎ᠠ ᠪᠠᠷ ᠨᠢᠭᠡᠳᠦᠯᠲᠡᠢ ᠲᠥᠯᠥᠪᠯᠡᠬᠦ᠂ ᠰᠠᠴᠤᠷᠠᠭᠯᠠᠨ ᠪᠠᠶᠢᠷᠢᠯᠠᠭᠤᠯᠬᠤ ᠶᠢ ᠬᠡᠷᠡᠭᠵᠢᠭᠦᠯᠵᠦ᠂ ᠠᠶᠢᠯ ᠲᠣᠰᠬᠤᠨ ᠤ ᠲᠠᠷᠬᠠᠯᠲᠠ ᠶᠢ ᠦᠨᠳᠦᠰᠦᠯᠡᠨ᠂ ᠣᠶᠢᠷ᠎ᠠ ᠬᠠᠪᠢ ᠶᠢᠨ ᠴᠡᠭ ᠢ ᠪᠠᠶᠢᠷᠢᠯᠠᠭᠤᠯᠤᠨ ᠢᠰᠭᠡᠬᠦ ᠶᠢᠨ ᠲᠠᠲᠠᠭᠠᠯ ᠪᠠᠶᠢᠭᠤᠯᠵᠤ᠂ ᠵᠣᠷᠯᠣᠩ ᠤᠨ ᠪᠣᠬᠢᠷᠲᠤᠯ ᠢ ᠲᠥᠪᠯᠡᠷᠡᠭᠦᠯᠦᠨ ᠬᠤᠷᠢᠶᠠᠭᠰᠠᠨ ᠤ ᠳᠠᠷᠠᠭ᠎ᠠ᠂ ᠶᠡᠷᠦᠩᠬᠡᠶᠢᠯᠡᠨ ᠢᠰᠬᠡᠵᠦ ᠰᠢᠢᠳᠪᠦᠷᠢᠯᠡᠬᠦ ᠪᠠᠷ ᠳᠡᠮᠵᠢᠨ᠂ ᠣᠷᠭᠠᠨᠢᠭ ᠪᠣᠷᠳᠣᠭᠤᠷ ᠪᠣᠯᠭᠠᠨ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠲᠠᠷᠢᠶᠠᠯᠠᠩ ᠤᠨ ᠳᠠᠷᠢᠵᠤ ᠦᠢᠯᠡᠳᠪᠦᠷᠢᠯᠡᠬᠦ ᠳᠤ ᠬᠡᠷᠡᠭᠯᠡᠵᠦ᠂ ᠵᠣᠷᠯᠣᠩ ᠤᠨ ᠪᠣᠬᠢᠷᠲᠤᠯ ᠢ ᠬᠤᠣᠷ ᠦᠭᠡᠢ ᠪᠣᠯᠭᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠡᠶᠡᠯᠡᠭᠦᠯᠦᠨ᠎ᠡ᠃ ᠤᠯᠤᠰ ᠤᠨ ᠲᠤᠰᠬᠠᠢ ᠠᠰᠢᠭ ᠤᠨ ᠢᠰᠭᠡᠬᠦ ᠮᠡᠷᠭᠡᠵᠢᠯ ᠢ ᠣᠷᠣᠭᠤᠯᠤᠨ ᠠᠪᠴᠢᠷᠠᠵᠤ᠂ ᠪᠠᠺᠲ᠋ᠧᠷᠢ ᠶᠢᠨ ᠲᠥᠷᠥᠯ ᠢ ᠵᠠᠳᠠᠷᠠᠭᠤᠯᠬᠤ ᠪᠠᠷ ᠳᠡᠮᠵᠢᠨ᠂ ᠪᠠᠭᠠᠰᠤ ᠢᠯᠭᠠᠳᠠᠰᠤ ᠶᠢ ᠢᠰᠬᠡᠵᠦ ᠮᠢᠺᠷᠣᠪ ᠪᠠᠺᠲ᠋ᠧᠷᠢ ᠶᠢᠨ ᠪᠣᠷᠳᠣᠭᠤᠷ᠂ ᠨᠠᠪᠴᠢᠨ ᠤ ᠨᠢᠭᠤᠷ ᠤᠨ ᠪᠣᠷᠳᠣᠭᠤᠷ ᠵᠡᠷᠭᠡ ᠠᠰᠢᠭᠲᠠᠢ ᠨᠡᠶᠢᠯᠡᠮᠡᠯ ᠪᠣᠷᠳᠣᠭᠤᠷ ᠪᠤᠯᠭᠠᠨ ᠤᠶᠢᠯᠡᠳᠪᠤᠷᠢᠯᠡᠪᠡ᠃     
微信图片_20230419110936.jpg
    ᠤᠯᠠᠨ ᠡᠰᠢᠴᠢᠯᠡᠭᠰᠡᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠪᠠ᠃ ᠬᠥᠳᠡᠭᠡ ᠲᠣᠰᠬᠤᠨ ᠤ ᠵᠣᠷᠯᠣᠩ ᠤᠨ ᠥᠭᠡᠷᠡᠴᠢᠯᠡᠯᠲᠡ ᠶᠢ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠬᠤ ᠶᠢ ᠪᠠᠷᠢᠮᠲᠠᠯᠠᠵᠤ᠂ ᠲᠤᠰᠬᠠᠢ ᠠᠩᠭᠢ ᠬᠢᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠵᠣᠷᠯᠣᠩ ᠤᠨ ᠥᠭᠡᠷᠡᠴᠢᠯᠡᠯᠲᠡ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠲᠣᠭᠲᠠᠭᠠᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠬᠤᠣᠰ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠵᠦ᠂ ᠥᠨᠳᠥᠷ ᠲᠦᠪᠰᠢᠨ ᠥᠨᠳᠥᠷ ᠦᠷ᠎ᠡ ᠠᠰᠢᠭ ᠲᠠᠢ ᠠᠬᠢᠭᠤᠯᠪᠠ︔ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠲᠤᠷᠠᠨ ᠬᠢᠨᠠᠨ ᠵᠢᠯᠤᠭᠤᠳᠬᠤ ᠳᠤᠭᠤᠶᠢᠯᠠᠩ ᠪᠠᠶᠢᠭᠤᠯᠵᠤ᠂ ᠪᠠᠯᠭᠠᠰᠤ ᠲᠣᠰᠬᠤᠨ ᠳᠠᠷᠠᠭᠠᠯᠠᠨ ᠰᠤᠷᠪᠤᠯᠵᠢᠯᠠᠨ ᠪᠠᠶᠢᠴᠠᠭᠠᠵᠤ᠂ ᠵᠠᠷᠯᠠᠨ ᠨᠡᠶᠢᠲᠡᠯᠡᠬᠦ᠂ ᠬᠢᠨᠠᠨ ᠰᠢᠯᠭᠠᠬᠤ᠂ ᠪᠣᠯᠵᠣᠨ ᠶᠠᠷᠢᠯᠴᠠᠬᠤ ᠪᠠ ᠰᠢᠷ᠎ᠠ ᠫᠠᠶᠢᠰᠠ ᠡᠯᠭᠦᠬᠦ ᠵᠡᠷᠭᠡ ᠳᠦᠷᠢᠮ ᠢ ᠨᠠᠶᠢᠳᠠᠪᠤᠷᠢᠵᠢᠭᠤᠯᠤᠨ᠂ ᠪᠥᠬᠦ ᠲᠠᠯ᠎ᠠ ᠪᠠᠷ ᠳᠠᠷᠤᠯᠲᠠ ᠥᠭᠴᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠡᠭᠦᠨ ᠤ ᠬᠠᠮᠲᠤ ᠵᠣᠷᠯᠣᠩ ᠤᠨ ᠥᠭᠡᠷᠡᠴᠢᠯᠡᠯᠲᠡ ᠶᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠳᠡᠭᠡᠳᠦ ᠱᠠᠲᠤᠨ ᠤ ᠨᠥᠬᠦᠪᠦᠷᠢ ᠪᠠ ᠥᠭᠡᠷᠡᠴᠢᠯᠡᠨ ᠪᠠᠶᠢᠭᠤᠯᠬᠤ ᠪᠡᠯᠡ ᠮᠥᠩᠭᠦ ᠠᠴᠠ ᠭᠠᠳᠠᠨ᠎ᠠ᠂ ᠪᠠᠰᠠ ᠨᠢᠭᠡ ᠪᠦᠯᠦᠭ ᠪᠠᠭᠠᠰᠤ ᠢᠯᠭᠠᠳᠠᠰᠤ ᠶᠢ ᠲᠠᠲᠠᠬᠤ ᠨᠥᠬᠦᠪᠦᠷᠢ ᠪᠡᠯᠡ ᠮᠥᠩᠭᠦ ᠶᠢ ᠲᠥᠯᠥᠪᠵᠢᠭᠦᠯᠵᠦ᠂ ᠰᠠᠶᠢᠲᠤᠷ ᠬᠠᠮᠠᠭᠠᠯᠠᠭᠰᠠᠨ᠂ ᠴᠡᠪᠡᠷ ᠠᠷᠢᠯᠭᠠᠭᠰᠠᠨ᠂ ᠣᠷᠳᠣ ᠬᠤᠭᠤᠴᠠᠭ᠎ᠠ ᠪᠠᠷ ᠪᠠᠲᠤᠯᠠᠭᠰᠠᠨ ᠭᠡᠷ ᠪᠦᠯᠢ ᠳᠤ ᠵᠣᠬᠢᠬᠤ ᠱᠠᠩᠨᠠᠯ ᠣᠯᠭᠤᠵᠤ᠂ ᠵᠣᠷᠯᠣᠩ ᠤᠨ ᠦᠢᠯᠡᠳᠦᠯ ᠢ ᠣᠷᠳᠣ ᠬᠤᠭᠤᠴᠠᠭ᠎ᠠ ᠪᠠᠷ ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠪᠥᠬᠦ ᠨᠡᠶᠢᠭᠡᠮ ᠳᠤ ᠵᠣᠷᠯᠣᠩ ᠤᠨ ᠥᠭᠡᠷᠡᠴᠢᠯᠡᠯᠲᠡ ᠶᠢ ᠳᠡᠮᠵᠢᠬᠦ᠂ ᠵᠣᠷᠯᠣᠩ ᠤᠨ ᠥᠭᠡᠷᠡᠴᠢᠯᠡᠯᠲᠡ ᠳᠤ ᠣᠷᠣᠯᠴᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号