ᠵᠠᠷᠤᠳ ᠬᠤᠰᠢᠭᠤ᠄ ᠨᠠᠮᠤᠭ ᠤᠨ ᠰᠢᠩᠭᠡᠨ ᠢ ᠲᠠᠷᠢᠶᠠᠨ ᠭᠠᠵᠠᠷ ᠲᠤ ᠪᠣᠴᠠᠭᠠᠨ ᠪᠣᠬᠢᠷᠳᠣᠯ ᠦᠭᠡᠢ ᠲᠠᠷᠢᠶᠠᠯᠠᠩ ᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/4/20
     ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠰᠠᠶᠢᠬᠠᠨ ᠴᠠᠭ ᠦᠶ᠎ᠡ ᠪᠠᠶᠢᠵᠤ᠂ ᠲᠠᠷᠢᠶᠠᠨ ᠭᠠᠵᠠᠷ ᠲᠤ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠪᠠᠨ ᠪᠡᠯᠡᠳᠬᠡᠬᠦ ᠶᠠᠭᠠᠷᠠᠯᠲᠠᠢ ᠪᠠᠶᠢᠳᠠᠯ ᠢᠯᠡᠷᠡᠪᠡ᠃ ᠬᠠᠪᠤᠷ ᠤᠨ ᠲᠠᠷᠢᠶᠠᠯᠠᠭ᠎ᠠ ᠶᠢᠨ ᠠᠩᠬᠠᠨ ᠤ ᠳᠠᠶᠢᠯᠠᠯᠳᠤᠭᠠᠨ ᠢ ᠰᠠᠶᠢᠲᠤᠷ ᠬᠢᠵᠦ᠂ ᠤᠨᠠᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠵᠠᠷᠤᠳ ᠬᠤᠰᠢᠭᠤᠨ ᠤ ᠪᠠᠶᠠᠨᠲᠠᠯ᠎ᠠ ᠰᠤᠮᠤᠨ ᠤ ᠳ᠋ᠢᠶᠠᠨ ᠪᠣᠤ ᠵᠢᠦᠢ ᠲᠣᠰᠬᠤᠨ ᠤ ᠲᠠᠷᠢᠶᠠᠨ ᠭᠠᠵᠠᠷ ᠲᠤ ᠴᠤ ᠬᠦᠷ ᠬᠥᠭᠵᠢᠶᠡᠨ ᠲᠠᠢ ᠪᠣᠯᠪᠠ᠃
671f670f554285778ef3e2ceb9a10bd.jpg
    ᠲᠣᠰᠬᠤᠨ ᠤ ᠠᠷᠠᠳ ᠫᠠᠩ ᠬᠤᠩ ᠵᠢᠶᠠᠩ ᠥᠪᠡᠷ ᠤᠨ ᠲᠠᠷᠢᠶᠠᠨ ᠳᠠᠭᠠᠨ ᠨᠠᠮᠤᠭ ᠤᠨ ᠰᠢᠩᠭᠡᠨ ᠣᠷᠣᠭᠤᠯᠣᠨ ᠪᠠᠶᠠᠷᠲᠠᠢ ᠶᠠᠭᠠᠷᠠᠯᠳᠣᠵᠤ ᠪᠠᠶᠢᠪᠠ᠃ ︽ᠨᠢᠳᠤᠨᠤᠨ᠂ ᠮᠦ ᠶᠤᠸᠠᠨ ᠺᠣᠮᠫᠠᠨᠢ ᠬᠢᠨ ᠲᠣᠰᠬᠤᠨ ᠳᠤ ᠨᠢᠭᠡ ᠬᠡᠰᠡᠭ ᠨᠠᠮᠤᠭ ᠤᠨ ᠰᠢᠩᠭᠡᠨ ᠢ ᠲᠠᠷᠢᠶᠠᠨ ᠭᠠᠵᠠᠷ ᠲᠤ ᠣᠷᠣᠭᠤᠯᠬᠤ ᠵᠢᠱᠢᠶ᠎ᠡ ᠦᠵᠡᠭᠦᠯᠬᠦ ᠲᠠᠷᠢᠶ᠎ᠠ ᠶᠢ ᠲᠤᠷᠰᠢᠨ ᠲᠠᠷᠢᠪᠠ᠂ ᠡᠭᠦᠨ ᠤ ᠳ᠋ᠦᠩ ᠳᠤ ᠲᠡᠷᠡ ᠬᠡᠰᠡᠭ ᠲᠠᠷᠢᠶᠠᠨ ᠤ ᠮᠦ ᠪᠦᠷᠢ ᠶᠢᠨ ᠣᠨᠠᠯᠲᠠ ᠨᠢ 200 ᠭᠠᠷᠤᠢ ᠵᠢᠩ ᠨᠡᠮᠡᠭᠳᠡᠪᠡ᠂ ᠡᠶᠢᠮᠦ ᠠᠴᠠ ᠡᠨᠡ ᠵᠢᠯ ᠪᠢ ᠪᠠᠰᠠ ᠥᠪᠡᠷ ᠤᠨ ᠭᠡᠷ ᠤᠨ ᠢᠶᠠᠨ 10 ᠭᠠᠷᠤᠢ ᠮᠦ ᠲᠠᠷᠢᠶᠠᠨ ᠳᠤ ᠨᠠᠮᠤᠭ ᠤᠨ ᠰᠢᠩᠭᠡᠨ ᠤ ᠪᠣᠷᠳᠣᠭᠤᠷ ᠣᠷᠣᠭᠤᠯᠣᠨ ᠲᠠᠷᠢᠬᠤ ᠪᠠᠷ ᠪᠡᠯᠡᠳᠬᠡᠵᠦ ᠪᠠᠶᠢᠨ᠎ᠠ︾  ᠭᠡᠪᠡ᠃
e7eb1a8f38b1761e77f975859246cb8.jpg
    ᠫᠠᠩ ᠬᠤᠩ ᠵᠢᠶᠠᠩ ᠤᠨ ᠲᠠᠷᠢᠶᠠᠨ ᠳᠤ ᠪᠠᠨ ᠣᠷᠣᠭᠤᠯᠵᠤ ᠪᠠᠶᠢᠭ᠎ᠠ ᠨᠠᠮᠤᠭ ᠤᠨ ᠰᠢᠩᠭᠡᠨ ᠤ ᠪᠣᠷᠳᠣᠭᠤᠷ ᠢ ᠪᠣᠯ ᠥᠪᠥᠷ ᠮᠣᠩᠭᠤᠯ ᠤᠨ ᠵᠠᠷᠣᠳ ᠬᠤᠰᠢᠭᠤᠨ ᠤ ᠮᠦ ᠶᠣᠸᠠᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠠᠴᠠ ᠦᠨ᠎ᠡ ᠲᠥᠯᠥᠪᠦᠷᠢ ᠦᠭᠡᠢ ᠪᠠᠷ ᠬᠠᠩᠭᠠᠭᠰᠠᠨ ᠶᠤᠮ᠃ ᠲᠣᠰ ᠺᠣᠮᠫᠠᠨᠢ 2016 ᠣᠨ ᠳᠤ ᠵᠠᠷᠤᠳ ᠬᠤᠰᠢᠭᠤᠨ ᠳᠤ ᠢᠷᠡᠵᠤ᠂ ᠭᠠᠭ᠋ᠠᠢ ᠲᠡᠵᠢᠭᠡᠬᠦ ᠪᠠᠷ ᠭᠤᠣᠯ ᠪᠣᠯᠭᠠᠵᠤ᠂ ᠣᠳᠣᠬᠠᠨ ᠳᠤ 14.5 ᠲᠦᠮᠡᠨ ᠲᠣᠯᠣᠭᠠᠢ ᠭᠠᠭ᠋ᠠᠢ ᠲᠠᠢ᠃ ᠮᠦ ᠶᠣᠸᠠᠨ ᠺᠣᠮᠫᠠᠨᠢ ᠭᠠᠭ᠋ᠠᠢ ᠶᠢᠨ ᠢᠯᠭᠠᠳᠠᠰᠤ ᠶᠢ ᠬᠠᠲᠠᠭᠤ ᠰᠢᠩᠭᠡᠨ ᠭᠡᠵᠦ ᠢᠯᠭᠠᠨ ᠰᠠᠯᠭᠠᠵᠤ᠂ ᠰᠠᠯᠭᠠᠭᠰᠠᠨ ᠤ ᠳᠠᠷᠠᠭᠠᠬᠢ ᠰᠢᠩᠭᠡᠨ ᠪᠡᠶᠡᠲᠦ ᠨᠢ ᠬᠠᠷ᠎ᠠ ᠪᠦᠷᠬᠦᠭᠦᠯᠲᠦ ᠨᠠᠮᠤᠭ ᠤᠨ ᠬᠡᠢ ᠶᠢᠨ ᠲᠠᠲᠠᠭᠠᠯ ᠳᠤ ᠣᠷᠣᠭᠤᠯᠤᠨ ᠬᠦᠴᠢᠯᠲᠥ᠋ᠷᠥᠭᠴᠢ ᠵᠢᠭᠰᠢᠬᠦ ᠢᠰᠭᠡᠬᠦ ᠪᠠᠷ ᠳᠠᠮᠵᠢᠨ ᠨᠠᠮᠤᠭ ᠤᠨ ᠰᠢᠩᠭᠡᠨ ᠤ ᠪᠣᠷᠳᠣᠭᠤᠷ ᠪᠣᠯᠭᠠᠪᠠ᠃
0f62e27c95ea930799503110c5d7e27.jpg
    ︽ᠨᠠᠮᠤᠭ ᠤᠨ ᠰᠢᠩᠭᠡᠨ ᠪᠣᠯ ᠨᠢᠭᠡ ᠵᠦᠢᠯ ᠤᠨ ᠣᠷᠭᠠᠨᠢᠭ ᠪᠣᠷᠳᠣᠭᠤᠷ ᠮᠥᠨ᠂ ᠬᠥᠷᠥᠰᠥ ᠰᠢᠷᠣᠢ ᠶᠢᠨ ᠪᠦᠲᠦᠴᠡ ᠶᠢ ᠰᠠᠶᠢᠵᠢᠷᠠᠭᠤᠯᠵᠤ᠂ ᠡᠭᠦᠨ ᠢ ᠬᠡᠷᠡᠭᠯᠡᠪᠡᠯ ᠮᠦ ᠪᠦᠷᠢ 20 ᠺᠢᠯᠣᠭ᠍ᠷᠠᠮ ᠣᠷᠴᠢᠮ ᠬᠢᠮᠢ ᠶᠢᠨ ᠪᠣᠷᠳᠣᠭᠤᠷ  ᠳᠣᠲᠠᠭᠤ ᠬᠡᠷᠡᠭᠯᠡᠵᠦ᠂ ᠲᠠᠷᠢᠶᠠᠴᠢᠳ ᠤᠨ ᠪᠡᠯᠡ ᠣᠷᠤᠭᠤᠯᠤᠯᠲᠠ ᠶᠢ ᠪᠠᠭᠠᠰᠬᠠᠬᠤ ᠶᠢᠨ ᠬᠠᠮᠲᠤ ᠠᠮᠤ ᠪᠤᠳᠠᠭᠠᠨ ᠤ ᠤᠨᠠᠯᠲᠠ ᠶᠢ ᠴᠤ ᠨᠡᠮᠡᠭᠳᠡᠭᠦᠯᠵᠦ ᠪᠣᠯᠣᠨ᠎ᠠ᠃︾ ᠭᠡᠵᠦ ᠥᠪᠥᠷ ᠮᠣᠩᠭᠤᠯ ᠤᠨ ᠵᠠᠷᠣᠳ ᠬᠤᠰᠢᠭᠤᠨ ᠤ ᠮᠦ ᠶᠣᠸᠠᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠭᠠᠭᠠᠮᠠᠯ ᠳ᠋ᠢᠩ ᠯᠢ ᠭᠦᠸᠧ ᠲᠠᠨᠢᠯᠴᠠᠭᠤᠯᠪ᠊
a985a4748e29eb9c288716fda2a13a6.jpg
    ᠡᠨᠡ ᠵᠢᠯ᠂ ᠥᠪᠥᠷ ᠮᠣᠩᠭᠤᠯ ᠤᠨ ᠵᠠᠷᠣᠳ ᠬᠤᠰᠢᠭᠤᠨ ᠤ ᠮᠦ ᠶᠤᠸᠠᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠲᠠᠷᠢᠶᠠᠯᠠᠩ ᠢ ᠳᠡᠮᠵᠢᠬᠦ ᠬᠤᠭᠤᠯᠠᠢ ᠲᠣᠣᠷ ᠪᠠᠶᠢᠭᠤᠯᠵᠤ᠂ ᠲᠠᠯᠠᠪᠠᠶ ᠣᠷᠴᠢᠨ ᠲᠣᠭᠤᠷᠢᠨ ᠪᠣᠯᠣᠨ ᠡᠷᠬᠢᠨ ᠲᠣᠭᠤᠷᠢᠨ ᠤ ᠠᠶᠢᠯ ᠲᠣᠰᠬᠤᠨ ᠤ ᠲᠠᠷᠢᠶᠠᠴᠢᠳ ᠤᠨ ᠲᠠᠷᠢᠶᠠᠨ ᠭᠠᠵᠠᠷ ᠲᠠᠢ ᠬᠤᠯᠪᠣᠨ ᠨᠠᠪᠲᠠᠷᠡᠭᠦᠯᠵᠦ᠂ ᠨᠠᠮᠤᠭ ᠤᠨ ᠰᠢᠩᠭᠡᠨ ᠤ ᠪᠣᠷᠳᠣᠭᠤᠷ ᠢ ᠬᠤᠭᠤᠯᠠᠢ ᠪᠠᠷ ᠳᠠᠮᠵᠢᠭᠤᠯᠤᠨ ᠰᠢᠭᠤᠳ ᠲᠠᠷᠢᠶᠠᠨ ᠭᠠᠵᠠᠷ ᠲᠤ ᠬᠦᠷᠭᠡᠵᠦ᠂ ᠲᠠᠷᠢᠶᠠᠴᠢᠳ ᠲᠤ ᠲᠦᠯᠦᠪᠦᠷᠢ ᠦᠭᠡᠢ ᠪᠠᠷ ᠲᠠᠷᠢᠶᠠᠨ ᠭᠠᠵᠠᠷ ᠲᠤ ᠨᠢ ᠣᠷᠣᠭᠤᠯᠵᠤ᠂ ᠲᠠᠷᠢᠶᠠᠯᠠᠩ ᠤᠨ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠵᠣᠷᠢᠯᠭ᠎ᠠ ᠳᠤ ᠭᠦᠷᠦᠭᠰᠡᠨ ᠪᠠᠶᠢᠨ᠎ᠠ᠃    ︽ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠡᠮᠬᠢ ᠵᠢᠷᠤᠮ ᠲᠠᠢ ᠶᠠᠪᠤᠭᠳᠠᠬᠤ  ᠶᠢ ᠪᠠᠲᠤᠯᠠᠬᠤ  ᠶᠢᠨ ᠲᠥᠯᠥᠭᠡ᠂ ᠺᠣᠮᠫᠠᠨᠢ ᠣᠳᠣᠬᠠᠨ ᠳᠤ ᠨᠢᠭᠡᠨᠲᠡ 80265 ᠮᠧᠲᠷ ᠤᠨ ᠲᠠᠷᠢᠶᠠᠯᠠᠩ ᠢ ᠳᠡᠮᠵᠢᠬᠦ ᠬᠤᠭᠤᠯᠠᠢ ᠲᠣᠣᠷ ᠵᠠᠰᠠᠵᠤ᠂ ᠡᠷᠭᠢᠨ ᠲᠣᠭᠤᠷᠢᠨ ᠤ 160 ᠡᠷᠦᠬᠡ  ᠶᠢᠨ 2.2 ᠲᠦᠮᠡᠨ ᠮᠦ ᠲᠠᠷᠢᠶᠠᠨ ᠭᠠᠵᠠᠷ ᠢ ᠬᠠᠮᠤᠷᠪᠠ︾᠃ ᠳ᠋ᠢᠩ ᠯᠢ ᠭᠦᠸᠧ ᠢᠯᠡᠷᠬᠡᠶᠢᠯᠡᠬᠦ ᠳᠡᠭᠡᠨ᠂ ᠺᠣᠮᠫᠠᠨᠢ ᠠᠴᠠ ᠨᠠᠮᠤᠭ ᠤᠨ ᠰᠢᠩᠭᠡᠨ ᠤ ᠪᠣᠷᠳᠣᠭᠤᠷ ᠣᠷᠣᠭᠤᠯᠬᠤ ᠲᠠᠯᠠᠪᠠᠶ ᠶᠢ ᠤᠯᠠᠮ ᠨᠢᠭᠡ ᠠᠯᠬᠤᠮ ᠥᠷᠭᠡᠳᠬᠡᠵᠦ᠂ ᠨᠠᠩ ᠣᠯᠠᠨ ᠠᠷᠠᠳ ᠲᠤ ᠠᠰᠢᠭ ᠬᠦᠷᠲᠡᠭᠡᠵᠦ᠂ ᠪᠣᠬᠢᠷᠲᠤᠯ ᠦᠭᠡᠢ ᠬᠠᠪᠤᠷ ᠤᠨ ᠲᠠᠷᠢᠶᠠᠯᠠᠭ᠎ᠠ ᠶᠢ ᠬᠠᠮᠠᠭᠠᠯᠠᠵᠤ ᠪᠤᠢ᠃    ᠬᠠᠶᠠᠭᠳᠠᠮᠠᠯ ᠡᠳ᠋ ᠢ ᠡᠷᠳᠡᠨᠢ ᠪᠣᠯᠭᠠᠨ ᠬᠤᠪᠢᠷᠠᠭᠤᠯᠵᠤ᠂ ᠪᠣᠬᠢᠷᠲᠤᠯ ᠦᠭᠡᠢ ᠡᠷᠭᠢᠯᠳᠦᠭᠦᠯᠦᠨ᠂ ᠬᠤᠷᠴᠢᠭᠢᠨᠠᠨ ᠤᠷᠤᠰᠴᠤ ᠪᠠᠶᠢᠭ᠎ᠠ ᠬᠦᠷᠡᠩ ᠥᠩᠭᠡᠲᠡᠢ ᠨᠠᠮᠤᠭ ᠤᠨ ᠰᠢᠩᠭᠡᠨ ᠭᠠᠵᠠᠷ ᠰᠢᠷᠣᠢ ᠳᠤ ᠨᠠᠪᠴᠢᠨ ᠣᠷᠣᠵᠤ᠂ ᠲᠠᠷᠢᠶᠠᠴᠢᠳ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠭᠠᠵᠠᠷ ᠰᠢᠷᠣᠢ ᠳᠡᠭᠡᠷ᠎ᠡ ᠪᠠᠨ ᠬᠠᠪᠤᠷ ᠤᠨ ᠬᠦᠰᠡᠯ ᠢᠶᠠᠨ ᠰᠠᠴᠤᠵᠤ᠂ ᠨᠠᠮᠤᠷ ᠤᠨ ᠬᠤᠷᠢᠶᠠᠯᠲᠠ ᠪᠠᠨ ᠬᠦᠰᠡᠨ ᠡᠷᠡᠮᠡᠯᠵᠡᠵᠦ ᠪᠠᠶᠢᠨ᠎ᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号