| 4 ᠰᠠᠷ᠎ᠠ ᠶᠢᠨ 19 ᠤ ᠡᠳᠦᠷ᠂ ᠵᠠᠷᠤᠳ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠪᠣᠯᠣᠨ ᠭᠢᠷᠢᠨ | ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠬᠠᠮᠲᠤᠪᠠᠷ ᠡᠮᠴᠢᠯᠡᠭᠡᠨ ᠤ ᠬᠤᠯᠪᠣᠭᠠᠲᠤ ᠴᠣᠭᠴᠠ ᠶᠢ | ᠪᠠᠶᠢᠭᠤᠯᠣᠭᠰᠠᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ᠃ ᠭᠢᠷᠢᠨ ᠶᠡᠭᠡ ᠰᠤᠷᠭᠠᠭᠤᠯᠢ ᠶᠢᠨ ᠨᠢᠭᠡᠳᠦᠭᠡᠷ | ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠦ᠋ ᠸᠧᠢ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠫᠠᠶᠢᠰᠠ | ᠰᠡᠬᠦᠬᠦ ᠶᠣᠰᠣᠯᠠᠯ ᠳᠤ ᠣᠷᠣᠯᠴᠠᠪᠠ᠃ | | | ᠭᠦᠸᠧ ᠶᠠ ᠹᠧᠩ ᠪᠠᠶᠠᠷ ᠤᠨ ᠦᠭᠡ ᠬᠡᠯᠡᠬᠦ ᠳᠡᠭᠡᠨ ᠬᠢᠷᠢᠨ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ | ᠬᠤᠷᠢᠶᠠᠨ ᠤ ᠤᠳᠤᠷᠢᠳᠤᠯᠭ᠎ᠠ ᠵᠢᠴᠢ ᠲᠤᠰᠬᠠᠢ ᠮᠡᠷᠭᠡᠵᠢᠯᠲᠡᠳ ᠤᠨ ᠬᠦᠷᠦᠯᠴᠡᠨ ᠢᠷᠡᠭᠰᠡᠨ ᠳᠤ ᠬᠠᠯᠠᠭᠤᠨ ᠢᠶᠠᠷ | ᠤᠭᠲᠤᠵᠤ ᠪᠠᠶᠢᠬᠤ ᠪᠠ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠡᠨᠡ ᠤᠳᠠᠭ᠎ᠠ ᠶᠢᠨ | ᠬᠤᠶᠠᠷ ᠡᠮᠨᠡᠯᠭᠡ ᠶᠢᠨ ᠬᠤᠷᠢᠶ᠎ᠠ ᠬᠠᠮᠵᠢᠯᠴᠠᠨ ᠬᠠᠮᠲᠤᠷᠠᠨ ᠪᠠᠶᠢᠭᠤᠯᠤᠭᠰᠠᠨ ᠶᠠᠪᠤᠳᠠᠯ ᠪᠣᠯ ᠭᠢᠷᠢᠨ ᠶᠡᠭᠡ ᠰᠤᠷᠭᠠᠭᠤᠯᠢ | ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠡᠮᠴᠢ ᠨᠠᠷ ᠤᠨ ᠡᠨᠡᠷᠢᠩᠭᠦᠢ ᠰᠡᠳᠬᠢᠯ ᠢᠶᠠᠨ ᠦᠢᠯᠡᠳᠦᠯᠭᠡᠵᠢᠭᠦᠯᠦᠭᠰᠡᠨ | ᠶᠡᠭᠡ ᠬᠠᠶᠢᠷ᠎ᠠ ᠶᠢᠨ ᠠᠵᠢᠯᠯᠠᠭ᠎ᠠ ᠮᠥᠨ᠂ ᠲᠣᠰ ᠭᠠᠵᠠᠷ ᠤᠨ ᠠᠷᠠᠳ ᠢᠷᠭᠡᠳ ᠲᠤ ᠪᠤᠶᠠᠨ ᠦᠢᠯᠡᠳᠬᠦ ᠠᠷᠠᠳ ᠤᠨ | ᠠᠮᠢᠳᠤᠷᠠᠯ ᠤᠨ ᠶᠡᠭᠡ ᠶᠠᠪᠤᠳᠠᠯ ᠮᠥᠨ᠂ ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠴᠢᠨᠠᠷ ᠰᠠᠶᠢᠲᠠᠢ ᠬᠥᠭᠵᠢᠯᠲᠡ ᠶᠢᠨ ᠠᠯᠬᠤᠴᠠ ᠶᠢ ᠰᠠᠯᠤᠯ ᠦᠭᠡᠢ ᠳᠠᠭᠠᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ | ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠬᠤ ᠵᠠᠩᠭᠢᠯᠠᠭ᠎ᠠ ᠮᠥᠨ᠂ ᠨᠠᠩ ᠴᠤ ᠲᠡᠷᠢᠭᠦᠨ ᠤ ᠬᠢ ᠶᠢ ᠲᠡᠮᠡᠴᠡᠨ | ᠰᠢᠯᠢᠳᠡᠭ ᠢ ᠪᠣᠯᠬᠤ ᠪᠠᠷ ᠴᠢᠷᠮᠠᠶᠢᠬᠤ᠂ ᠵᠠᠷᠤᠳ ᠬᠤᠰᠢᠭᠤᠨ ᠤ ᠡᠷᠡᠭᠦᠯ ᠬᠠᠮᠠᠭᠠᠯᠠᠯ ᠡᠮᠴᠢᠯᠡᠭᠡᠨ ᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠴᠢᠬᠤᠯᠠ ᠠᠷᠭ᠎ᠠ ᠬᠡᠮᠵᠢᠶ᠎ᠡ ᠮᠥᠨ᠃ ᠡᠨᠡ ᠨᠢ ᠵᠠᠷᠤᠳ | ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠳᠤ ᠠᠪᠴᠤ ᠬᠡᠯᠡᠪᠡᠯ ᠤᠷᠢᠳ ᠡᠮᠦᠨ᠎ᠡ ᠭᠠᠷᠤᠭ᠎ᠠ ᠦᠭᠡᠢ ᠶᠡᠭᠡ | ᠰᠠᠶᠢᠨ ᠲᠣᠬᠢᠶᠠᠯ ᠪᠣᠯᠬᠤ ᠶᠤᠮ᠂ ᠡᠨᠡ ᠤᠳᠠᠭᠠᠨ ᠤ ᠠᠵᠠ ᠲᠣᠬᠢᠶᠠᠯ ᠢᠶᠠᠷ ᠳᠡᠮᠵᠢᠨ᠂ ᠬᠤᠶᠠᠷ ᠲᠠᠯ᠎ᠠ ᠪᠠᠷ ᠢᠶᠠᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠭᠤᠣᠯᠳᠠᠭᠤ ᠡᠮᠴᠢᠯᠡᠭᠡᠨ ᠤ | ᠮᠡᠷᠭᠡᠵᠢᠯ᠂ ᠡᠮᠴᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠴᠢᠳᠠᠪᠤᠷᠢᠲᠠᠨ ᠢ ᠬᠥᠮᠥᠵᠢᠭᠦᠯᠬᠦ᠂ ᠡᠮᠨᠡᠯᠭᠡ ᠶᠢᠨ | ᠬᠤᠷᠢᠶᠠᠨ ᠤ ᠬᠠᠮᠢᠶᠠᠷᠤᠯᠲᠠ᠂ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠭᠦᠨᠵᠡᠭᠡᠢ | ᠬᠠᠮᠲᠤᠷᠠᠯᠴᠠᠭ᠎ᠠ ᠥᠷᠨᠢᠭᠦᠯᠵᠦ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠰᠢᠨ᠎ᠡ ᠬᠠᠮᠲᠤᠷᠠᠯᠴᠠᠭᠠᠨ ᠤ ᠵᠠᠭᠪᠤᠷ ᠢ | ᠢᠳᠡᠪᠬᠢᠲᠡᠢ ᠰᠦᠪᠡᠭᠴᠢᠯᠡᠨ ᠦᠢᠯᠡᠳᠦᠯᠭᠡᠵᠢᠭᠦᠯᠵᠦ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ | ᠪᠠᠭᠤᠯᠭᠠᠬᠤ ᠶᠢ ᠠᠬᠢᠭᠤᠯᠤᠨ᠂ ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ ᠰᠠᠭᠠᠳ ᠦᠭᠡᠢ ᠵᠠᠮ ᠢ | ᠨᠡᠪᠲᠡᠷᠡᠭᠦᠯᠵᠦ᠂ ᠠᠯᠤᠰ ᠠᠴᠠ ᠣᠨᠣᠰᠢᠯᠠᠨ ᠡᠮᠨᠡᠬᠦ᠂ ᠦᠷᠭᠦᠯᠵᠢᠯᠡᠭᠰᠡᠨ ᠨᠢᠭᠡ ᠴᠣᠭᠴᠠᠵᠢᠭᠰᠠᠨ ᠡᠪᠡᠳᠴᠢᠲᠡᠨ ᠢ | ᠬᠠᠮᠢᠶᠠᠷᠬᠤ ᠵᠠᠭᠪᠤᠷ ᠢ ᠴᠢᠩᠭᠠᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠬᠡᠷᠡᠭᠯᠡᠨ᠂ ᠪᠥᠬᠦ | ᠬᠤᠰᠢᠭᠤᠨ ᠤ ᠪᠦᠬᠦᠯᠢ ᠴᠣᠭᠴᠠ ᠶᠢᠨ ᠡᠮᠴᠢᠯᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠪᠠ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ ᠪᠣᠯᠣᠨ᠎ᠠ᠃ | | | ᠦ᠋ ᠸᠧᠢ ᠠᠴᠠ ᠭᠢᠷᠢᠨ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠦᠨᠳᠦᠰᠦᠨ ᠪᠠᠶᠢᠳᠠᠯ᠂ | ᠲᠤᠰᠬᠠᠢ ᠮᠡᠷᠭᠡᠵᠢᠯᠲᠡᠨ ᠤ ᠪᠦᠯᠬᠦᠮ ᠪᠣᠯᠣᠨ ᠡᠮᠴᠢᠯᠡᠭᠦᠯᠬᠦ ᠶᠠᠪᠤᠴᠠ ᠶᠢ ᠲᠠᠨᠢᠯᠴᠠᠭᠤᠯᠵᠤ᠂ ᠬᠤᠶᠠᠷ ᠡᠮᠨᠡᠯᠭᠡ ᠶᠢᠨ | ᠬᠤᠷᠢᠶ᠎ᠠ ᠬᠢᠨ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢᠨ ᠲᠠᠪᠴᠠᠩ ᠢ ᠨᠢᠭᠲᠠ ᠲᠦᠰᠢᠭᠯᠡᠵᠦ᠂ ᠪᠠᠶᠢᠩᠭᠤ | ᠶᠠᠪᠤᠯᠴᠠᠵᠤ᠂ ᠪᠠᠶᠢᠩᠭᠤ ᠰᠣᠯᠢᠯᠴᠠᠵᠤ᠂ ᠪᠠᠶᠢᠬᠤ ᠪᠠ ᠦᠭᠡᠢ ᠪᠠᠨ ᠰᠣᠯᠢᠯᠴᠠᠵᠤ᠂ ᠬᠠᠮᠲᠤᠪᠠᠷ ᠰᠤᠷᠤᠯᠴᠠᠵᠤ᠂ ᠴᠢᠨᠠᠷ | ᠰᠠᠶᠢᠲᠠᠢ ᠥᠨᠳᠥᠷ ᠪᠦᠲᠦᠮᠵᠢᠲᠡᠢ ᠡᠮ ᠡᠮᠨᠡᠯᠭᠡ ᠶᠢᠨ ᠦᠢᠯᠡᠴᠢᠯᠡᠭᠡᠨ ᠤ ᠵᠠᠭᠪᠤᠷ ᠢ ᠪᠠᠶᠢᠭᠤᠯᠤᠨ ᠪᠦᠷᠢᠨᠰᠢᠭᠦᠯᠵᠦ᠂ | ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠲᠦᠷᠭᠡᠨ ᠳᠡᠭᠡᠭᠰᠢᠯᠡᠭᠦᠯᠵᠦ᠂ ᠠᠷᠠᠳ ᠤᠯᠠᠨ ᠤ ᠰᠢᠯᠢᠳᠡᠭ ᠡᠮ | ᠡᠮᠨᠡᠯᠭᠡ ᠶᠢᠨ ᠦᠢᠯᠡᠴᠢᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠠᠷᠠᠳ ᠤᠯᠠᠨ ᠳᠤ ᠡᠮ ᠡᠮᠨᠡᠯᠭᠡ ᠶᠢᠨ | ᠬᠤᠯᠪᠣᠭᠠᠲᠤ ᠴᠣᠭᠴᠠ ᠶᠢᠨ ᠠᠪᠴᠢᠷᠠᠭᠰᠠᠨ ᠰᠠᠶᠢᠨ ᠲᠠᠯ᠎ᠠ ᠪᠠ ᠠᠰᠢᠭ ᠲᠤᠰᠠ ᠶᠢ ᠲᠦᠷᠭᠡᠨ ᠬᠦᠷᠲᠡᠭᠡᠬᠦ ᠶᠢ | ᠬᠦᠰᠡᠵᠦ ᠪᠠᠶᠢᠨ᠎ᠠ ᠭᠡᠪᠡ᠃ | | | ᠶᠣᠰᠣᠯᠠᠯ ᠳᠡᠭᠡᠷ᠎ᠡ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠬᠢᠭᠡᠳ ᠭᠢᠷᠢᠨ ᠶᠡᠭᠡ ᠰᠤᠷᠭᠠᠭᠤᠯᠢ ᠶᠢᠨ | ᠨᠢᠭᠡᠳᠦᠭᠡᠷ ᠡᠮᠨᠡᠯᠭᠡ ᠶᠢᠨ ᠬᠤᠷᠢᠶ᠎ᠠ ᠯᠤᠭ᠎ᠠ ᠡᠮᠴᠢᠯᠡᠭᠡ ᠡᠷᠡᠭᠦᠯ ᠮᠡᠨᠳᠦ ᠶᠢᠨ ᠬᠤᠯᠪᠣᠭᠠᠲᠤ ᠴᠣᠭᠴᠠ ᠶᠢᠨ | ᠬᠡᠯᠡᠯᠴᠡᠭᠡᠷ ᠲᠤ ᠭᠠᠷ ᠤᠨ ᠥᠰᠥᠭ ᠵᠢᠷᠤᠪᠠ︔ ᠦ᠋ ᠸᠧᠢ᠂ ᠭᠦᠸᠧ ᠶᠠ ᠹᠧᠩ ᠬᠠᠮᠲᠤᠪᠠᠷ ᠬᠢᠷᠢᠨ ᠶᠡᠭᠡ | ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠡᠷᠡᠭᠦᠯ ᠮᠡᠨᠳᠦ ᠶᠢᠨ ᠬᠤᠯᠪᠣᠭᠠᠲᠤ | ᠴᠣᠭᠴᠠ ᠶᠢᠨ ᠡᠮᠨᠡᠯᠭᠡ ᠶᠢᠨ ᠬᠤᠷᠢᠶᠠᠨ ᠤ ᠫᠠᠶᠢᠰᠠ ᠶᠢ ᠰᠡᠬᠦᠪᠡ᠃ | | | ᠫᠠᠶᠢᠰᠠ ᠰᠡᠬᠦᠬᠦ ᠶᠣᠰᠣᠯᠠᠯ ᠤᠨ ᠳᠠᠷᠠᠭ᠎ᠠ᠂ ᠭᠢᠷᠢᠨ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ | ᠬᠤᠷᠢᠶᠠᠨ ᠤ ᠮᠡᠳᠡᠷᠡᠯ ᠰᠤᠳᠠᠰᠤᠨ ᠤ ᠭᠠᠳᠠᠷ ᠰᠠᠯᠠᠭ᠎ᠠ᠂ ᠵᠢᠷᠦᠬᠡ ᠰᠣᠳᠠᠰᠣᠨ ᠤ ᠳᠣᠲᠣᠷ ᠰᠠᠯᠠᠭ᠎ᠠ᠂ ᠬᠠᠪᠤᠳᠠᠷ ᠤᠨ | ᠰᠠᠯᠠᠭ᠎ᠠ᠂ ᠶᠠᠰᠤ ᠦᠶ᠎ᠡ ᠭᠡᠰᠢᠭᠦᠦ ᠶᠢᠨ ᠭᠠᠳᠠᠷ ᠰᠠᠯᠠᠭ᠎ᠠ᠂ ᠠᠮᠢᠰᠬᠤᠯ ᠪᠠ ᠬᠦᠨᠳᠦ ᠡᠪᠡᠳᠴᠢᠨ ᠤ ᠡᠮᠨᠡᠯᠭᠡ ᠶᠢᠨ | ᠰᠠᠯᠠᠭ᠎ᠠ᠂ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ ᠵᠡᠷᠭᠡ ᠰᠠᠯᠠᠭ᠎ᠠ ᠲᠠᠰᠤᠭ ᠤᠨ 14 ᠲᠤᠰᠬᠠᠢ ᠮᠡᠷᠭᠡᠵᠢᠯᠲᠡᠨ | ᠣᠯᠠᠨ ᠲᠦᠮᠡᠨ ᠳᠤ ᠠᠯᠪᠠᠨ ᠵᠢᠷᠤᠮ ᠤᠨ ᠡᠮᠴᠢᠯᠡᠭᠡ ᠬᠢᠪᠡ᠃ | | | ᠠᠯᠪᠠᠨ ᠵᠢᠷᠤᠮ ᠤᠨ ᠡᠮᠴᠢᠯᠡᠭᠡᠨ ᠤ ᠠᠬᠤᠢ ᠲᠠᠯᠠᠪᠠᠢ ᠳᠤ᠂ ᠡᠮᠨᠡᠭᠦᠯᠬᠦ ᠪᠠᠷ ᠢᠷᠡᠭᠰᠡᠨ ᠡᠪᠡᠳᠴᠢᠲᠡᠨ ᠡᠯ᠎ᠡ | ᠵᠦᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢᠨ ᠬᠠᠭᠤᠳᠠᠰᠤ ᠪᠠᠨ ᠠᠪᠴᠤ᠂ ᠡᠯ᠎ᠡ ᠰᠠᠯᠠᠭᠠᠨ ᠤ ᠡᠮᠴᠢᠯᠡᠭᠡᠨ ᠤ | ᠲᠠᠰᠤᠭ ᠤᠨ ᠡᠭᠦᠳᠡᠨ ᠳᠤ ᠡᠮᠬᠢ ᠵᠢᠷᠤᠮ ᠲᠠᠢ ᠪᠠᠷ ᠡᠮᠨᠡᠭᠦᠯᠬᠦ ᠪᠠᠷ ᠬᠦᠯᠢᠶᠡᠵᠦ ᠪᠠᠶᠢᠪᠠ᠃ ᠮᠡᠷᠭᠡᠵᠢᠯᠲᠡᠨ ᠨᠠᠷ | ᠡᠪᠡᠳᠴᠢᠲᠡᠨ ᠤ ᠲᠣᠭᠠᠴᠢᠨ ᠶᠠᠷᠢᠬᠤ ᠶᠢ ᠨᠠᠷᠢᠨ ᠬᠢᠨᠠᠮᠠᠭᠠᠢ ᠰᠣᠨᠣᠰᠴᠤ᠂ ᠡᠪᠡᠳᠴᠢᠲᠡᠨ ᠤ ᠥᠩᠭᠡᠷᠡᠭᠰᠡᠨ ᠤ | ᠡᠪᠡᠳᠴᠢᠨ ᠤ ᠲᠡᠦᠬᠡ ᠪᠠ ᠪᠠᠶᠢᠴᠠᠭᠠᠯᠲᠠ ᠶᠢᠨ ᠮᠠᠲ᠋ᠧᠷᠢᠶᠠᠯ ᠢ ᠨᠠᠷᠢᠨ ᠲᠣᠳᠣᠷᠬᠠᠢ ᠣᠶᠢᠯᠠᠭᠠᠨ ᠦᠵᠡᠵᠦ᠂ | ᠡᠪᠡᠳᠴᠢᠲᠡᠨ ᠤ ᠳᠤᠷᠠᠳᠤᠭᠰᠠᠨ ᠠᠰᠠᠭᠤᠯᠲᠠ ᠶᠢ ᠬᠦᠯᠢᠴᠡᠩᠭᠦᠢ ᠪᠠᠷ ᠬᠠᠷᠢᠭᠤᠯᠬᠤ ᠶᠢᠨ ᠬᠠᠮᠲᠤ ᠡᠪᠡᠳᠴᠢᠲᠡᠨ | ᠨᠢᠭᠡᠪᠦᠷᠢ ᠳᠤ ᠨᠠᠷᠢᠨ ᠲᠣᠳᠣᠷᠬᠠᠢ ᠡᠮᠨᠡᠨ ᠵᠠᠰᠠᠬᠤ ᠠᠷᠭ᠎ᠠ ᠬᠡᠮᠵᠢᠶ᠎ᠡ ᠪᠠ ᠡᠷᠡᠭᠦᠯ ᠮᠡᠨᠳᠦ ᠶᠢᠨ ᠲᠤᠬᠠᠢ ᠵᠢᠯᠤᠭᠤᠳᠬᠤ | ᠰᠠᠨᠠᠯ ᠳᠤᠷᠠᠳᠤᠭᠰᠠᠨ ᠪᠠᠶᠢᠨ᠎ᠠ᠃ | | | ᠸᠠᠩ ᠪᠦᠦ ᠬᠤᠩ ᠪᠣᠯ ᠰᠡᠭᠡᠷ ᠨᠢᠷᠤᠭᠤᠨ ᠤ ᠡᠪᠡᠳᠴᠢᠲᠡᠨ ᠪᠣᠯᠣᠨ᠎ᠠ᠂ ᠥᠨᠥᠳᠥᠷ ᠬᠤᠰᠢᠭᠤᠨ ᠤ ᠮᠣᠩᠭᠤᠯ | ᠡᠮᠨᠡᠯᠭᠡ ᠶᠢᠨ ᠬᠤᠷᠢᠶᠠᠨ ᠳᠤ ᠲᠤᠰᠬᠠᠢ ᠮᠡᠷᠭᠡᠵᠢᠯᠲᠡᠨ ᠢᠷᠡᠵᠦ ᠰᠠᠭᠤᠵᠤ ᠡᠪᠡᠳᠴᠢᠨ ᠦᠵᠡᠵᠦ ᠪᠠᠶᠢᠬᠤ ᠶᠢ | ᠰᠣᠨᠣᠰᠤᠭᠠᠳ᠂ ᠲᠡᠷᠡ ᠥᠷᠯᠥᠭᠡ ᠡᠷᠲᠡ ᠢᠷᠡᠵᠦ ᠮᠥᠷᠯᠡᠨ ᠬᠦᠯᠢᠶᠡᠵᠦ᠂ ᠥᠪᠡᠷ ᠤᠨ ᠡᠪᠡᠳᠴᠢᠨ ᠤ ᠪᠠᠶᠢᠳᠠᠯ ᠢᠶᠠᠨ | ᠨᠠᠩ ᠰᠠᠶᠢᠨ ᠣᠶᠢᠯᠠᠭᠠᠬᠤ ᠪᠠ ᠡᠮᠨᠡᠨ ᠵᠠᠰᠠᠬᠤ ᠲᠥᠰᠥᠯ ᠲᠠᠢ ᠪᠣᠯᠬᠤ ᠶᠢ ᠬᠦᠰᠡᠪᠡ᠃ ︽ᠭᠢᠷᠢᠨ ᠶᠡᠭᠡ | ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠮᠠᠨ ᠤ ᠬᠤᠰᠢᠭᠤᠨ ᠤ ᠮᠣᠩᠭᠤᠯ | ᠡᠮᠨᠡᠯᠭᠡ ᠶᠢᠨ ᠬᠤᠷᠢᠶᠠᠨ ᠳᠤ ᠢᠷᠡᠵᠦ ᠡᠪᠡᠳᠴᠢᠨ ᠦᠵᠡᠬᠦ ᠭᠡᠵᠦ ᠪᠠᠶᠢᠬᠤ ᠶᠢ ᠰᠣᠨᠣᠰᠤᠭᠠᠳ᠂ ᠪᠢ ᠬᠡᠳᠦᠨ | ᠡᠳᠦᠷ ᠤᠨ ᠡᠮᠦᠨ᠎ᠡ ᠰᠡᠭᠦᠳᠡᠷᠯᠡᠭᠰᠡᠨ ᠰᠡᠭᠡᠷ ᠨᠢᠷᠤᠭᠤᠨ ᠤ ᠢᠯᠲᠠᠰᠤ ᠪᠠᠨ ᠠᠪᠴᠤ ᠲᠤᠰᠬᠠᠢ ᠮᠡᠷᠭᠡᠵᠢᠯᠲᠡᠨ ᠳᠤ | ᠦᠵᠡᠭᠦᠯᠬᠦ ᠪᠠᠷ ᠢᠷᠡᠭᠰᠡᠨ ᠶᠤᠮ᠂ ᠲᠤᠰᠬᠠᠢ ᠮᠡᠷᠭᠡᠵᠢᠯᠲᠡᠨ ᠦᠵᠡᠭᠰᠡᠨ ᠤ ᠳᠠᠷᠠᠭ᠎ᠠ ᠡᠪᠡᠳᠴᠢᠨ ᠤ ᠪᠠᠶᠢᠳᠠᠯ ᠢ | ᠨᠠᠳᠠ ᠳᠤ ᠨᠠᠷᠢᠨ ᠲᠣᠳᠣᠷᠬᠠᠢ ᠬᠡᠯᠡᠵᠦ ᠥᠭᠭᠦᠭᠰᠡᠨ ᠪᠥᠭᠡᠳ ᠡᠮᠨᠡᠨ ᠵᠠᠰᠠᠬᠤ ᠠᠷᠭ᠎ᠠ ᠶᠢ ᠴᠤ ᠬᠡᠯᠡᠵᠦ ᠥᠭᠭᠦᠭᠰᠡᠨ | ᠶᠤᠮ᠃ ᠲᠤᠰᠬᠠᠢ ᠮᠡᠷᠭᠡᠵᠢᠯᠲᠡᠨ ᠤ ᠣᠪᠣᠷ ᠨᠢ ᠣᠨᠴᠠᠭᠠᠶ ᠳᠣᠲᠣᠨᠣ᠂ ᠬᠦᠯᠢᠴᠡᠩᠭᠦᠢ ᠪᠠᠶᠢᠳᠠᠭ᠂ ᠲᠤᠰᠬᠠᠢ | ᠮᠡᠷᠭᠡᠵᠢᠯᠲᠡᠨ ᠤ ᠪᠦᠯᠬᠦᠮ ᠮᠠᠨ ᠤ ᠠᠳᠡ ᠢᠷᠡᠵᠦ ᠡᠪᠡᠳᠴᠢᠨ ᠦᠵᠡᠬᠦ ᠨᠢ ᠪᠢᠳᠡᠨ ᠳᠤ ᠠᠪᠴᠤ ᠬᠡᠯᠡᠪᠡᠯ ᠮᠠᠰᠢ | ᠲᠥᠬᠦᠮ ᠦᠵᠡᠭᠦᠯᠪᠡ᠂ ᠭᠡᠷ ᠤᠨ ᠡᠭᠦᠳᠡᠨ ᠳᠤ ᠪᠠᠨ ᠰᠢᠯᠢᠳᠡᠭ ᠰᠠᠶᠢᠨ᠂ ᠳᠥᠭᠦᠮ ᠳᠥᠲᠡ ᠲᠤᠰᠬᠠᠢ | ᠮᠡᠷᠭᠡᠵᠢᠯᠲᠡᠨ ᠤ ᠦᠢᠯᠡᠴᠢᠯᠡᠭᠡ ᠶᠢ ᠭᠥᠷᠳᠡᠵᠦ᠂ ᠪᠢ ᠲᠡᠳᠡᠨ ᠳᠤ ᠲᠤᠶᠢᠯ ᠢᠶᠠᠷ ᠲᠠᠯᠠᠷᠬᠠᠵᠤ ᠪᠠᠶᠢᠨ᠎ᠠ︾ ᠭᠡᠵᠦ ᠸᠠᠩ | ᠪᠦᠦ ᠬᠤᠩ ᠪᠠᠶᠠᠷᠲᠠᠢ ᠪᠠᠷ ᠬᠡᠯᠡᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠡᠮᠴᠢᠯᠡᠭᠡᠨ ᠤ ᠬᠤᠯᠪᠣᠭᠠᠲᠤ ᠴᠣᠭᠴᠠ ᠶᠢᠨ ᠠᠯᠪᠠᠨ ᠵᠢᠷᠤᠮ ᠤᠨ | ᠡᠮᠴᠢᠯᠡᠭᠡ ᠳᠤ ᠨᠡᠶᠢᠲᠡ 238 ᠬᠥᠮᠥᠨ ᠡᠪᠡᠳᠴᠢᠨ ᠦᠵᠡᠭᠦᠯᠪᠡ᠃ ᠡᠮᠴᠢᠯᠡᠭᠡᠨ ᠤ ᠬᠤᠯᠪᠣᠭᠠᠲᠤ ᠴᠣᠭᠴᠠ ᠶᠢᠨ | ᠠᠯᠪᠠᠨ ᠵᠢᠷᠤᠮ ᠤᠨ ᠡᠮᠴᠢᠯᠡᠭᠡ ᠪᠠᠷ ᠳᠠᠮᠵᠢᠨ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠨᠢᠭᠡᠴᠡ ᠶᠢᠨ | ᠬᠤᠭᠤᠷᠣᠨᠳᠣᠬᠢ ᠬᠠᠷᠢᠯᠴᠠᠭ᠎ᠠ᠂ ᠬᠠᠮᠲᠤᠷᠠᠯᠴᠠᠭ᠎ᠠ ᠶᠢ ᠴᠢᠩᠭᠠᠳᠬᠠᠭᠰᠠᠨ ᠢᠶᠠᠷ ᠪᠠᠷᠠᠬᠤ ᠦᠭᠡᠢ᠂ ︽ᠡᠮᠴᠢᠯᠡᠭᠡᠨ ᠤ | ᠬᠤᠯᠪᠣᠭᠠᠲᠤ ᠴᠣᠭᠴᠠ ᠶᠢᠨ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ︾ ᠠᠵᠢᠯ | ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠦᠢᠯᠡᠳᠦᠯ ᠢ ᠪᠠᠳᠠᠷᠠᠭᠤᠯᠵᠤ᠂ ᠦᠨᠳᠦᠰᠦᠨ ᠱᠠᠲᠤᠨ ᠤ | ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠪᠠ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ ᠥᠷᠭᠡᠨ ᠣᠯᠠᠨ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠮᠴᠢᠯᠡᠭᠡᠨ ᠤ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ |