ᠲᠡᠵᠢᠭᠡᠨ ᠦᠷᠡᠵᠢᠭᠦᠯᠬᠦ ᠦᠨᠡᠮᠯᠡᠯ ᠣᠯᠭᠤᠬᠤ ᠬᠡᠪᠴᠢᠶ᠎ᠡ
ᠨᠡᠶᠢᠲᠡᠯᠡᠭᠰᠡᠨ ᠴᠠᠭ᠄
2023/4/20
    ᠤᠰᠤᠨ ᠤ ᠴᠠᠷᠠᠭ᠎ᠠ᠂ ᠭᠤᠣᠯ ᠤᠨ ᠰᠠᠶᠢᠷᠭᠠᠯ ᠤᠨ ᠡᠷᠬᠡ ᠶᠢᠨ ᠬᠠᠷᠢᠶᠠᠯᠠᠯ ᠤᠨ ᠰᠢᠨᠵᠢ ᠴᠢᠨᠠᠷ ᠤᠨ ᠠᠳᠠᠯᠢ ᠪᠤᠰᠤ ᠶᠢ ᠦᠨᠳᠦᠰᠦᠯᠡᠨ᠂ ᠪᠣᠳᠠᠲᠠᠢ ᠪᠠᠷ ᠬᠤᠶᠠᠷ ᠵᠦᠢᠯ ᠤᠨ ᠪᠠᠶᠢᠳᠠᠯ ᠳᠤ ᠬᠤᠪᠢᠶᠠᠨ᠎ᠠ᠄     ᠨᠢᠭᠡ᠂ ᠠᠷᠠᠳ ᠨᠡᠶᠢᠲᠡ ᠶᠢᠨ ᠥᠮᠴᠢᠯᠡᠯ ᠤᠨ ᠤᠰᠤᠨ ᠤ ᠴᠠᠷᠠᠭ᠎ᠠ᠂ ᠭᠤᠣᠯ ᠤᠨ ᠰᠠᠶᠢᠷᠭᠠᠯ ᠳᠤ ︽ᠵᠢᠭᠠᠰᠤᠨ ᠠᠵᠤ ᠠᠬᠤᠢ ᠶᠢᠨ ᠬᠠᠤᠯᠢ︾ ᠪᠠ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢᠨ ᠲᠣᠭᠲᠠᠭᠠᠯ ᠶᠣᠰᠣᠭᠠᠷ ᠤᠰᠦᠠ ᠤ ᠴᠠᠷᠠᠭ᠎ᠠ᠂ ᠭᠤᠣᠯ ᠤᠨ ᠰᠠᠶᠢᠷᠭᠠᠯ ᠤᠨ ᠲᠡᠵᠢᠭᠡᠨ ᠦᠷᠡᠵᠢᠭᠦᠯᠭᠡ ᠳᠤ ᠬᠡᠷᠡᠭᠯᠡᠬᠦ ᠡᠷᠬᠡ ᠶᠢ ᠲᠣᠭᠲᠠᠭᠠᠨ᠎ᠠ᠃     ᠬᠤᠶᠠᠷ᠂ ᠲᠠᠷᠢᠶᠠᠯᠠᠩ ᠤᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠡᠷᠡᠭᠯᠡᠵᠦ ᠪᠠᠶᠢᠭ᠎ᠠ ᠬᠠᠮᠲᠤ ᠶᠢᠨ ᠥᠮᠴᠢᠯᠡᠯ ᠤᠨ ᠪᠤᠶᠤ ᠠᠷᠠᠳ ᠨᠡᠶᠢᠲᠡ ᠶᠢᠨ ᠥᠮᠴᠢᠯᠡᠯ ᠤᠨ ᠤᠰᠦᠠ ᠤ ᠴᠠᠷᠠᠭ᠎ᠠ᠂ ᠭᠤᠣᠯ ᠤᠨ ᠰᠠᠶᠢᠷᠭᠠᠯ ᠢ ︽ᠵᠢᠭᠠᠰᠤᠨ ᠠᠵᠤ ᠠᠬᠤᠢ ᠶᠢᠨ ᠬᠠᠤᠯᠢ︾᠂ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠪᠣᠯᠣᠨ ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠰᠦᠠ ᠤ ᠴᠠᠷᠠᠭ᠎ᠠ᠂ ᠭᠤᠣᠯ ᠤᠨ ᠰᠠᠶᠢᠷᠭᠠᠯ ᠤᠨ ᠲᠡᠵᠢᠭᠡᠨ ᠦᠷᠡᠵᠢᠭᠦᠯᠬᠦ ᠦᠢᠯᠡᠰ ᠤᠨ ᠳᠠᠭᠠᠭᠠᠴᠢᠯᠠᠨ ᠡᠵᠡᠩᠨᠡᠬᠦ ᠡᠷᠬᠡ ᠶᠢ ᠲᠣᠭᠲᠠᠭᠠᠨ᠎ᠠ᠃     ᠳᠡᠭᠡᠷ᠎ᠡ ᠳᠤᠷᠠᠳᠤᠭᠰᠠᠨ ᠬᠤᠶᠠᠷ ᠵᠦᠢᠯ ᠤᠨ ᠲᠡᠵᠢᠭᠡᠨ ᠦᠷᠡᠵᠢᠭᠦᠯᠬᠦ ᠦᠨᠡᠮᠯᠡᠯ ᠤᠨ ᠦᠨᠡᠮᠯᠡᠯ ᠣᠯᠭᠤᠭᠰᠠᠨ ᠬᠡᠪᠴᠢᠶ᠎ᠡ ᠠᠴᠠ ᠦᠵᠡᠪᠡᠯ᠂ ᠲᠠᠷᠢᠶᠠᠯᠠᠩ ᠤᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠡᠷᠡᠭᠯᠡᠵᠦ ᠪᠠᠶᠢᠭ᠎ᠠ ᠬᠠᠮᠲᠤ ᠶᠢᠨ ᠥᠮᠴᠢᠯᠡᠯ ᠤᠨ ᠪᠤᠶᠤ ᠠᠷᠠᠳ ᠨᠡᠶᠢᠲᠡ ᠶᠢᠨ ᠥᠮᠴᠢᠯᠡᠯ ᠤᠨ ᠤᠰᠦᠠ ᠤ ᠴᠠᠷᠠᠭ᠎ᠠ᠂ ᠭᠤᠣᠯ ᠤᠨ ᠰᠠᠶᠢᠷᠭᠠᠯ ᠢ ᠳᠠᠭᠠᠭᠠᠴᠢᠯᠠᠨ ᠬᠡᠷᠡᠭᠯᠡᠵᠦ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠡᠷᠬᠢᠯᠡᠬᠦ ᠳᠤ ᠣᠯᠭᠤᠭᠰᠠᠨ ᠲᠡᠵᠢᠭᠡᠨ ᠦᠷᠡᠵᠢᠭᠦᠯᠬᠦ ᠦᠨᠡᠮᠯᠡᠯ ᠨᠢ ᠬᠠᠤᠯᠢ ᠴᠠᠭᠠᠵᠠ ᠶᠢᠨ ᠰᠢᠨᠵᠢ ᠴᠢᠨᠠᠷ ᠤᠨ ᠲᠠᠯ᠎ᠠ ᠪᠠᠷ ᠠᠷᠠᠳ ᠨᠡᠶᠢᠲᠡ ᠶᠢᠨ ᠥᠮᠴᠢᠯᠡᠯ ᠤᠨ ᠤᠰᠦᠠ ᠤ ᠴᠠᠷᠠᠭ᠎ᠠ᠂ ᠭᠤᠣᠯ ᠤᠨ ᠰᠠᠶᠢᠷᠭᠠᠯ ᠢ ᠬᠡᠷᠡᠭᠯᠡᠵᠦ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠡᠷᠬᠢᠯᠡᠬᠦ ᠲᠡᠵᠢᠭᠡᠨ ᠦᠷᠡᠵᠢᠭᠦᠯᠬᠦ ᠦᠨᠡᠮᠯᠡᠯ ᠲᠠᠢ ᠠᠳᠠᠯᠢ ᠤᠶᠢᠭᠡᠢ ᠪᠠᠶᠢᠬᠤ ᠬᠡᠷᠡᠭᠲᠡᠢ᠃ ᠦᠢᠯᠡᠳᠦᠯᠭᠡ ᠶᠢᠨ ᠳᠤᠮᠳᠠ᠂ ᠡᠯ᠎ᠡ ᠭᠠᠵᠠᠷ ᠤᠨ ᠬᠢᠨ ᠶᠡᠷᠦ ᠳᠤ ᠪᠠᠨ ᠦᠨᠡᠮᠯᠡᠯ ᠤᠨ ᠥᠩᠭᠡ᠂ ᠠᠭᠤᠯᠭ᠎ᠠ ᠶᠢᠨ ᠲᠠᠯ᠎ᠠ ᠶᠢᠨ ᠠᠳᠠᠯᠢ ᠪᠤᠰᠤ ᠪᠠᠷ ᠬᠤᠶᠠᠷ ᠵᠦᠢᠯ ᠤᠨ ᠦᠨᠡᠮᠯᠡᠯ ᠢ ᠢᠯᠭᠠᠳᠠᠭ᠃    
 
ᠢᠷᠡᠯᠲᠡ᠄ ᠢᠷᠡᠯᠲᠡ᠄ ᠮᠠᠯ ᠲᠠᠷᠢᠶᠠᠯᠠᠩ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号