ᠠᠮᠤᠷ ᠠᠮᠣᠭᠤᠯᠠᠩ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠥᠷᠭᠡᠨ ᠣᠯᠠᠨ | ᠲᠦᠮᠡᠨ ᠤ ᠠᠮᠤᠷ ᠠᠮᠣᠭᠤᠯᠠᠩ ᠤᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠬᠤ ᠶᠢᠨ ᠲᠥᠯᠥᠭᠡ᠂ | 4 ᠰᠠᠷ᠎ᠠ ᠶᠢᠨ 19 ᠤ ᠡᠳᠦᠷ᠂ ᠵᠠᠷᠤᠳ ᠬᠤᠰᠢᠭᠤᠨ ᠤ ᠪᠠᠶᠠᠨᠲᠠᠯ᠎ᠠ ᠰᠤᠮᠤ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠶᠢᠨ ᠠᠮᠤᠷ ᠲᠥᠪᠰᠢᠨ ᠤ ᠬᠠᠮᠠᠭᠠᠯᠠᠯᠲᠠ ᠶᠢᠨ ᠶᠡᠭᠡ ᠠᠩᠭᠢ ᠲᠠᠢ | ᠬᠤᠯᠪᠤᠭᠠᠯᠠᠨ ᠬᠠᠷᠢᠶ᠎ᠠ ᠣᠷᠣᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠲᠤ ᠠᠮᠤᠷ ᠠᠮᠣᠭᠤᠯᠠᠩ ᠤᠨ | ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠵᠢᠯᠲᠠᠳ ᠪᠣᠯᠣᠨ ᠰᠠᠶᠢᠨ ᠳᠣᠷᠠᠴᠣᠳ ᠤᠬᠠᠭᠤᠯᠭ᠎ᠠ ᠶᠢᠨ | ᠬᠦᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ ᠵᠡᠷᠭᠡ ᠬᠡᠯᠪᠡᠷᠢ ᠪᠠᠷ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠠᠮᠤᠷ ᠠᠮᠣᠭᠤᠯᠠᠩ ᠪᠠᠶᠢᠭᠤᠯᠤᠯᠲᠠ᠂ | ᠭᠠᠵᠢᠭᠤ ᠨᠣᠮᠯᠠᠯ ᠢ ᠡᠰᠡᠷᠭᠦᠴᠡᠬᠦ ᠵᠢᠴᠢ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ᠂ ᠬᠤᠯᠠᠭᠠᠶᠢᠯᠠᠬᠤ ᠶᠢ | ᠰᠡᠷᠭᠡᠶᠢᠯᠡᠵᠦ ᠭᠠᠯ ᠰᠡᠷᠭᠡᠶᠢᠯᠡᠬᠦ ᠵᠡᠷᠭᠡ ᠰᠠᠭᠤᠭᠠᠯᠢ ᠠᠷᠠᠳ ᠤᠨ ᠡᠳᠦᠷ ᠲᠤᠳᠤᠮ ᠤᠨ ᠠᠮᠢᠳᠤᠷᠠᠯ ᠲᠠᠢ ᠨᠢᠭᠲᠠ | ᠬᠤᠯᠪᠣᠭ᠎ᠠ ᠲᠠᠢ ᠡᠯ᠎ᠡ ᠲᠦᠷᠦᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢ ᠨᠠᠷᠢᠨ ᠨᠢᠭᠲᠠ | ᠤᠬᠠᠭᠤᠯᠤᠨ ᠲᠦᠭᠡᠮᠡᠯᠵᠢᠭᠦᠯᠪᠡ᠃ ᠡᠭᠦᠨ ᠤ ᠬᠠᠮᠲᠤ ᠪᠠᠰᠠ ᠡᠷᠬᠢᠨ ᠲᠣᠭᠤᠷᠢᠨ ᠤ ᠳᠡᠯᠭᠡᠭᠡ ᠮᠠᠶᠢᠮᠠᠢ ᠶᠢᠨ | ᠭᠠᠵᠠᠷ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠭᠠᠵᠢᠭᠤ ᠨᠣᠮᠯᠠᠯ ᠢ ᠡᠰᠡᠷᠭᠦᠴᠡᠬᠦ ᠦᠨᠳᠦᠰᠦᠨ | ᠤᠬᠠᠭᠳᠠᠬᠤᠨ ᠢ ᠤᠯᠠᠨ ᠲᠦᠮᠡᠨ ᠳᠤ ᠢᠳᠡᠪᠬᠢᠲᠡᠢ ᠲᠠᠨᠢᠯᠴᠠᠭᠤᠯᠵᠤ᠂ ᠭᠠᠵᠢᠭᠤ ᠨᠣᠮᠯᠠᠯ ᠳᠤ ᠠᠰᠢᠭᠯᠠᠭᠳᠠᠬᠤ ᠠᠴᠠ | ᠬᠡᠷᠬᠢᠨ ᠵᠠᠶᠢᠯᠠᠰᠬᠢᠬᠦ᠂ ᠭᠠᠵᠢᠭᠤ ᠨᠣᠮᠯᠠᠯ ᠤᠨ ᠠᠵᠢᠯᠯᠠᠭ᠎ᠠ ᠶᠢ ᠬᠡᠷᠬᠢᠨ ᠢᠯᠡᠷᠡᠭᠦᠯᠦᠨ ᠰᠡᠷᠭᠡᠶᠢᠯᠡᠬᠦ᠂ ᠵᠠᠬᠢᠳᠠᠯ | ᠰᠣᠷᠪᠤᠯᠵᠢᠯᠠᠭ᠎ᠠ ᠶᠢᠨ ᠳᠦᠷᠢᠮ ᠤᠨ ᠬᠤᠯᠪᠣᠭᠳᠠᠯ ᠪᠦᠬᠦᠢ ᠠᠭᠤᠯᠭ᠎ᠠ ᠶᠢ ᠲᠦᠭᠡᠮᠡᠯᠵᠢᠭᠦᠯᠵᠦ ᠵᠢᠴᠢ ᠬᠡᠷᠬᠢᠨ ᠬᠡᠪ ᠤᠨ | ᠠᠷᠭ᠎ᠠ ᠵᠠᠮ ᠢᠶᠠᠷ ᠠᠰᠠᠭᠤᠳᠠᠯ ᠢᠶᠠᠨ ᠲᠤᠰᠬᠠᠬᠤ ᠲᠣᠬᠠᠢ ᠣᠬᠠᠭᠤᠯᠪᠠ᠂ ᠤᠯᠤᠰ ᠤᠨ ᠠᠮᠤᠷ ᠲᠦᠪᠰᠢᠨ ᠤ ᠴᠢᠬᠤᠯᠠ | ᠴᠢᠨᠠᠷ ᠢ ᠤᠬᠠᠭᠤᠯᠵᠤ᠂ ᠬᠡᠷᠬᠢᠨ ᠤᠯᠤᠰ ᠤᠨ ᠠᠮᠤᠷ ᠲᠦᠪᠰᠢᠨ ᠢ ᠬᠠᠮᠠᠭᠠᠯᠠᠵᠤ᠂ ᠤᠯᠠᠨ ᠲᠦᠮᠡᠨ ᠢ ᠬᠥᠲᠥᠯᠥᠨ | ᠵᠢᠯᠤᠭᠤᠳᠴᠤ ᠪᠠᠶᠢᠭᠠᠳ ᠬᠠᠤᠯᠢ ᠲᠣᠭᠲᠠᠭᠠᠯ ᠢ ᠵᠢᠷᠤᠮᠯᠠᠭᠤᠯᠬᠤ ᠶᠢᠨ ᠬᠠᠮᠲᠤ ᠦᠨᠡᠨᠴᠢ ᠢᠲᠡᠭᠡᠮᠵᠢ ᠶᠢᠨ | ᠬᠥᠮᠦᠵᠢᠯ ᠤᠨ ᠴᠢᠬᠤᠯᠠ ᠴᠢᠨᠠᠷ ᠢ ᠤᠬᠠᠭᠤᠯᠵᠤ᠂ ᠵᠥᠪ ᠦᠷᠳᠡᠭ ᠤᠨ ᠦᠵᠡᠯᠲᠡ ᠶᠢ ᠪᠤᠢ ᠪᠣᠯᠭᠠᠪᠠ᠃ | | | ᠲᠤᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠬᠦᠷᠢᠶᠡᠯᠡᠯ ᠢ ᠣᠯᠵᠤ᠂ ᠲᠤᠰ ᠪᠦᠷᠢ | ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠭᠠᠵᠢᠭᠤ ᠨᠣᠮᠯᠠᠯ ᠢ ᠡᠰᠡᠷᠭᠦᠴᠡᠬᠦ᠂ ᠵᠠᠬᠢᠳᠠᠯ ᠰᠣᠷᠪᠤᠯᠵᠢᠯᠠᠭ᠎ᠠ ᠶᠢᠨ | ᠳᠦᠷᠢᠮ᠂ ᠤᠯᠤᠰ ᠤᠨ ᠠᠮᠤᠷ ᠲᠦᠪᠰᠢᠨ ᠪᠠ ᠦᠨᠡᠨᠴᠢ ᠢᠲᠡᠭᠡᠮᠵᠢ ᠶᠢᠨ ᠬᠥᠮᠦᠵᠢᠯ ᠵᠡᠷᠭᠡ ᠲᠠᠯ᠎ᠠ ᠶᠢᠨ ᠮᠡᠳᠡᠯᠭᠡ ᠶᠢ | ᠨᠡᠩ ᠭᠦᠨᠵᠡᠭᠡᠢ ᠣᠶᠢᠯᠠᠭᠠᠵᠤ᠂ ᠲᠤᠰ ᠪᠡᠶ᠎ᠡ ᠶᠢᠨ ᠠᠮᠤᠷ ᠲᠦᠪᠰᠢᠨ ᠪᠠ ᠬᠥᠭᠵᠢᠯᠲᠡ ᠳᠤ ᠴᠢᠬᠤᠯᠠ ᠠᠴᠢ | ᠬᠤᠯᠪᠣᠭᠳᠠᠯ ᠲᠠᠢ ᠭᠡᠵᠦ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠪᠡ᠃ | | | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠥᠷᠭᠡᠨ ᠣᠯᠠᠨ ᠲᠦᠮᠡᠨ ᠤ ᠠᠮᠤᠷ ᠠᠮᠤᠭᠤᠯᠠᠩ ᠤᠨ ᠪᠦᠲᠦᠭᠡᠨ | ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠵᠤ᠂ ᠠᠷᠠᠳ ᠣᠯᠠᠨ ᠤ ᠠᠮᠤᠷ | ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠣᠶᠢᠯᠠᠭᠠᠬᠤ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠵᠦ᠂ ᠬᠥᠮᠥᠨ ᠪᠦᠬᠦᠨ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ᠂ | ᠬᠥᠮᠥᠨ ᠪᠦᠬᠦᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠪᠠ᠃ | | | |