ᠵᠠᠷᠤᠳ ᠬᠤᠰᠢᠭᠤ ᠠᠶᠤᠯᠭᠦᠢ ᠦᠢᠯᠡᠳᠪᠦᠷᠢᠯᠡᠯ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/4/21
    4 ᠰᠠᠷ᠎ᠠ ᠶᠢᠨ 20 ᠤ ᠡᠳᠦᠷ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠠᠶᠤᠯᠭᠦᠢ ᠦᠢᠯᠡᠳᠪᠦᠷᠢᠯᠡᠯ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠲᠤᠰᠬᠠᠢ ᠰᠡᠳᠦᠪ ᠢᠶᠠᠷ ᠰᠤᠳᠤᠯᠤᠨ ᠪᠠᠶᠢᠷᠢᠯᠠᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠵᠡᠷᠭᠡ ᠳᠥᠷᠪᠡᠨ ᠶᠡᠭᠡ ᠪᠠᠭ ᠤᠨ ᠵᠠᠷᠤᠳ ᠳᠤ ᠪᠠᠶᠢᠭ᠎ᠠ ᠭᠠᠵᠠᠷ ᠤᠨ ᠲᠠᠰ ᠤᠨ ᠤᠳᠤᠷᠢᠳᠤᠯᠭ᠎ᠠ ᠬᠤᠷᠠᠯ ᠳᠤ ᠤᠷᠤᠯᠴᠠᠪᠠ᠃     
微信图片_20230421112841.jpg
     ᠱᠤᠤ ᠶᠠᠨ ᠵᠢᠶᠦ᠋ᠨ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠪᠠ ᠠᠶᠤᠯᠭᠦᠢ ᠦᠢᠯᠡᠳᠪᠦᠷᠢᠯᠡᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠤᠷᠢᠭ᠎ᠠ ᠱᠤᠭᠤᠮ ᠤᠨ ᠰᠡᠳᠬᠢᠬᠦᠢ᠂ ᠤᠯᠠᠭᠠᠨ ᠱᠤᠭᠤᠮ ᠤᠨ ᠰᠡᠳᠬᠢᠬᠦᠢ ᠶᠢ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠱᠠᠲᠤ ᠳᠠᠷᠠᠭᠠᠯᠠᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠷᠠᠭᠤᠯᠤᠨ᠂ ᠦᠢᠯᠡᠳᠪᠦᠷᠢᠯᠡᠯ ᠤᠨ ᠠᠵᠢᠯ ᠲᠥᠷᠥᠯ᠂ ᠪᠠᠷᠢᠯᠭ᠎ᠠ ᠶᠢᠨ ᠠᠵᠢᠯ ᠲᠥᠷᠥᠯ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠲᠠᠯᠠᠪᠤᠷ ᠭᠠᠵᠠᠷ᠂ ᠣᠶ ᠰᠢᠭᠤᠢ ᠨᠤᠲᠤᠭ ᠪᠡᠯᠴᠢᠭᠡᠷ ᠵᠡᠷᠭᠡ ᠭᠤᠣᠯᠳᠠᠯᠭ᠎ᠠ ᠲᠠᠢ ᠣᠷᠣᠨ ᠪᠦᠰᠡ᠂ ᠭᠠᠯ ᠨᠣᠴᠣᠭᠠᠵᠤ ᠠᠵᠢᠯᠯᠠᠬᠤ ᠵᠡᠷᠭᠡ ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠩᠭᠤ ᠬᠤᠯᠪᠤᠭᠠᠯᠠᠨ ᠬᠥᠳᠡᠯᠦᠯᠴᠡᠵᠦ ᠬᠠᠤᠯᠢ ᠬᠡᠷᠡᠭᠵᠢᠭᠦᠯᠦᠨ ᠪᠠᠶᠢᠴᠠᠭᠠᠬᠤ᠂ ᠪᠣᠳᠠᠲᠠᠢ ᠠᠷᠭ᠎ᠠ ᠭᠠᠷᠭᠠᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠴᠡᠭᠴᠡᠯᠡᠨ ᠵᠠᠰᠠᠬᠤ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠲᠤᠳᠠᠭᠳᠠᠯ ᠲᠠᠢ ᠲᠠᠯ᠎ᠠ ᠵᠥᠷᠢᠶ᠎ᠡ ᠪᠠᠨ ᠣᠨᠣᠪᠴᠢᠲᠠᠢ ᠡᠷᠢᠵᠦ᠂ ᠠᠵᠢᠯ ᠤᠨ ᠲᠠᠯ᠎ᠠ ᠪᠠᠷ ᠲᠤᠳᠠᠭᠳᠠᠯ ᠢᠶᠠᠨ ᠨᠥᠬᠦᠪᠦᠷᠢᠯᠡᠵᠦ ᠪᠠᠭᠤᠷᠠᠢ ᠲᠠᠯ᠎ᠠ ᠪᠠᠨ ᠴᠢᠩᠭᠠᠳᠬᠠᠵᠦ᠂ ᠦᠵᠡᠯ ᠰᠠᠨᠠᠭ᠎ᠠ ᠲᠠᠨᠢᠯᠲᠠ ᠭᠦᠨᠵᠡᠭᠡᠢ ᠪᠢᠰᠢ᠂ ᠬᠠᠷᠢᠭᠤᠴᠠᠯᠭ᠎ᠠ ᠶᠢ ᠡᠴᠦᠰ ᠲᠤᠨᠢ ᠲᠤᠯᠲᠠᠯ᠎ᠠ ᠳᠠᠮᠵᠢᠭᠤᠯᠤᠭᠰᠠᠨ ᠦᠭᠡᠢ᠂ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠯᠠᠪᠳᠠᠭᠤᠨ ᠪᠠᠲᠤᠲᠠᠢ ᠪᠢᠰᠢ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠦᠷ᠎ᠡ ᠪᠦᠲᠦᠮᠵᠢ ᠥᠨᠳᠥᠷ ᠪᠢᠰᠢ ᠵᠡᠷᠭᠡ ᠠᠵᠢᠯ ᠤᠨ ᠲᠤᠳᠠᠭᠳᠠᠯ ᠢ ᠬᠦᠴᠦᠯᠡᠨ ᠰᠢᠢᠳᠪᠦᠷᠢᠯᠡᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠭᠠᠯ ᠤᠨ ᠠᠶᠤᠯ ᠭᠠᠷᠤᠭᠰᠠᠨ ᠤ ᠳᠠᠷᠠᠭᠠᠬᠢ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠤᠯᠠᠨ ᠲᠦᠮᠡᠨ ᠢ ᠲᠠᠷᠬᠠᠭᠠᠬᠤ ᠪᠠ ᠲᠤᠬᠠᠢ ᠶᠢᠨ ᠭᠠᠵᠠᠷ ᠢ ᠬᠠᠮᠢᠶᠠᠷᠬᠤ ᠵᠡᠷᠭᠡ ᠠᠰᠠᠭᠤᠳᠠᠯ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠷ ᠰᠠᠶᠢᠲᠤᠷ ᠰᠢᠢᠳᠪᠦᠷᠢᠯᠡᠬᠦ ᠬᠡᠷᠡᠭᠲᠡᠢ᠃ ᠭᠠᠯ ᠤᠨ ᠡᠬᠢ ᠪᠣᠯᠣᠨ ᠬᠥᠮᠥᠰ ᠤᠨ ᠠᠵᠢᠯᠯᠠᠭ᠎ᠠ ᠶᠢ ᠴᠢᠩᠭ᠎ᠠ ᠨᠢᠮᠪᠠᠢ ᠰᠠᠶᠢᠲᠤᠷ ᠬᠠᠮᠢᠶᠠᠷᠴᠤ᠂ ᠤᠷᠢᠳᠴᠢᠯᠠᠨ ᠵᠠᠳᠠᠯᠤᠯᠲᠠ ᠬᠢᠵᠦ᠂ ᠤᠷᠢᠳᠴᠢᠯᠠᠨ ᠲᠥᠯᠥᠪᠵᠢᠭᠦᠯᠵᠦ᠂ ᠬᠡᠷᠡᠭᠵᠢᠭᠦᠯᠵᠦ ᠪᠤᠯᠬᠤᠶᠢᠴᠠ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ᠃     
微信图片_20230421112837.jpg
    ᠱᠤᠤ ᠶᠠᠨ ᠵᠢᠶᠦ᠋ᠨ ᠠᠴᠠ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ᠂ ᠡᠮ ᠡᠮᠨᠡᠯᠭᠡ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ ᠲᠡᠭᠡᠭᠡᠪᠦᠷᠢ᠂ ᠲᠦᠷᠭᠡᠨ ᠬᠦᠷᠭᠡᠬᠦ ᠠᠵᠢᠯ ᠲᠦᠷᠦᠯ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠬᠤᠳᠠ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠵᠡᠷᠭᠡ ᠬᠦᠷᠢᠶᠡᠨ ᠳᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠬᠢᠬᠦ ᠶᠢ ᠥᠷᠨᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠡᠯ᠎ᠡ ᠲᠠᠭᠠᠭᠠᠴᠢᠯᠠᠭᠰᠠᠨ ᠤᠳᠤᠷᠢᠳᠤᠯᠭ᠎ᠠ ᠳᠠᠭᠠᠭᠠᠴᠢᠯᠠᠯᠲᠠ ᠶᠢᠨ ᠭᠠᠵᠠᠷ ᠣᠷᠣᠨ ᠳᠤ ᠪᠠᠨ ᠭᠦᠨᠵᠡᠭᠡᠶᠢᠷᠡᠨ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠥᠷᠨᠢᠭᠦᠯᠵᠦ᠂ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠶᠤᠯᠭᠦᠢ ᠦᠢᠯᠡᠳᠪᠦᠷᠢᠯᠡᠯ ᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠪᠥᠭᠡᠳ ᠪᠣᠳᠠᠲᠠᠢ ᠠᠬᠢᠭᠤᠯᠵᠤ᠂ ᠳᠤᠲᠠᠭᠤ ᠲᠤᠷᠭᠤᠨ ᠪᠠᠶᠢᠯᠭᠠᠬᠤ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ᠂ ᠶᠣᠰᠣᠨ ᠲᠡᠳᠦᠢ ᠥᠩᠭᠡᠷᠡᠭᠦᠯᠬᠦ ᠦᠭᠡᠢ ᠪᠠᠶᠢᠬᠤ ᠶᠢ ᠪᠠᠳᠤᠯᠠᠵᠦ᠂ ᠠᠶᠤᠯᠭᠦᠢ ᠦᠢᠯᠡᠳᠪᠦᠷᠢᠯᠡᠯ ᠤᠨ ᠪᠦᠬᠦᠯᠢ ᠴᠣᠭᠴᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号