ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  ᠬᠢᠨ ᠲᠠᠷᠢᠶᠠᠯᠠᠩ ᠮᠠᠯ ᠠᠵᠤ ᠠᠬᠤᠢ ᠶᠢᠨ ᠰᠣᠯᠢᠯᠴᠠᠭ᠎ᠠ ᠵᠣᠯᠭᠠᠯᠴᠠᠭ᠎ᠠ ᠶᠢᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/4/21
    4 ᠰᠠᠷ᠎ᠠ ᠶᠢᠨ 19 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠢᠨ ᠭᠢᠷᠢᠨ ᠮᠤᠵᠢ ᠶᠢᠨ ᠢ ᠳ᠋ᠣᠣ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢ ᠮᠦ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠧ ᠮᠦ ᡁᠢ ᠳ᠋ᠡ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠬᠢᠨ ᠯᠤᠭ᠎ᠠ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠣᠯᠢᠯᠴᠠᠭ᠎ᠠ ᠵᠣᠯᠭᠠᠯᠴᠠᠭ᠎ᠠ ᠶᠢᠨ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠦ᠋ ᠴᠢᠩ ᠬᠠᠢ᠂ ᠳᠡᠳ᠋ ᠡᠷᠬᠢᠯᠡᠭᠴᠢ ᠵᠠᠩ ᠶᠦᠩ ᠴᠢᠶᠠᠩ ᠬᠤᠷᠠᠯ ᠳᠤ ᠣᠷᠣᠯᠴᠠᠵᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠦ᠋ ᠴᠢᠩ ᠬᠠᠢ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠨ ᠶᠠᠷᠢᠯᠴᠠᠵᠤ᠂ ᠡᠯ᠎ᠡ ᠠᠵᠤ ᠠᠬᠤᠶᠢᠯᠠᠯ ᠤᠨ ᠭᠤᠣᠯ ᠪᠣᠯᠬᠤ ᠲᠤᠬᠠᠶᠢᠯᠠᠭᠰᠠᠨ ᠠᠵᠢᠯ᠂ ᠠᠵᠤ ᠦᠢᠯᠡᠰ ᠤᠨ ᠪᠠᠶᠢᠷᠢ ᠲᠣᠭᠲᠠᠭᠠᠯᠲᠠ᠂ ᠲᠦᠷᠦᠯ ᠵᠦᠢᠯ ᠤᠨ ᠬᠡᠪᠴᠢᠶ᠎ᠡ᠂ ᠬᠠᠮᠲᠤᠷᠠᠯᠴᠠᠭᠠᠨ ᠤ ᠵᠠᠭᠪᠤᠷ ᠵᠡᠷᠭᠡ ᠦᠨᠳᠦᠰᠦᠨ ᠪᠠᠶᠢᠳᠠᠯ ᠢ ᠨᠠᠷᠢᠨ ᠣᠶᠢᠯᠠᠭᠠᠪᠠ᠃
d3c6adb4c7f0661b68864eb6d2f0fbb.jpg
 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号