ᠵᠠᠷᠤᠳ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠳᠥᠷᠪᠡᠳᠦᠭᠡᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/4/23
    4 ᠰᠠᠷ᠎ᠠ ᠶᠢᠨ 21 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠳᠥᠷᠪᠡᠳᠦᠭᠡᠷ ᠤᠳᠠᠭᠠᠨ ᠤ ᠣᠨᠣᠯ ᠰᠤᠷᠣᠯᠴᠠᠬᠤ ᠭᠤᠣᠯ ᠳᠤᠭᠤᠶᠢᠯᠠᠩ ᠤᠨ ᠳᠦᠷᠪᠡᠳᠦᠭᠡᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠢᠵᠦ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠭᠡᠰᠢᠭᠦᠨ ᠪᠠ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ᠃
582f9550b4894028e374b22a405fdfd.jpg
    ᠱᠣᠣ ᠶᠠᠨ ᠵᠢᠶᠦ᠋ᠨ ᠱᠠᠭᠠᠷᠳᠠᠭᠰᠠᠨ ᠨᠢ᠂ ᠲᠤᠰ ᠤᠳᠠᠭᠠᠨ ᠤ ᠰᠤᠷᠤᠯᠴᠠᠯᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠢᠨᠵᠢᠯᠡᠭᠡ ᠮᠡᠷᠭᠡᠵᠢᠯ ᠤᠨ ᠮᠡᠳᠡᠯᠭᠡ ᠶᠢ ᠰᠤᠷᠤᠯᠴᠠᠵᠤ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠠᠭᠤᠷᠢ ᠰᠤᠳᠤᠯᠭᠠᠨ ᠢ ᠴᠢᠩᠭᠠᠳᠬᠠᠬᠤ ᠶᠠᠪᠤᠳᠠᠯ ᠢ ᠠᠵᠢᠯ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠰᠠᠭᠤᠷᠢ ᠰᠤᠳᠤᠯᠭᠠᠨ ᠤ ᠠᠯᠤᠰ ᠬᠡᠲᠦ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ ᠪᠠᠶᠢᠷᠢᠰᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠳᠥᠷᠪᠡ ᠳᠤ ᠬᠠᠨᠳᠤᠬᠤ︾ ᠶᠢ ᠪᠠᠷᠢᠮᠲᠠᠯᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠴᠢᠯᠦᠭᠡᠲᠡᠢ ᠪᠠᠷ ᠰᠦᠪᠡᠭᠴᠢᠯᠡᠬᠦ ︽ᠬᠤᠶᠠᠷ ᠬᠥᠯ ᠢᠶᠠᠷ ᠵᠠᠮ ᠶᠠᠪᠤᠬᠤ︾ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠰᠢᠨᠵᠢᠯᠡᠭᠡ ᠮᠡᠷᠭᠡᠵᠢᠯ ᠤᠨ ᠠᠵᠢᠯᠲᠠᠳ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠬᠦᠯᠢᠶᠡᠰᠦ ᠶᠢ ᠨᠢ ᠠᠯᠳᠠᠷᠠᠭᠠᠵᠤ ᠳᠠᠷᠤᠭᠠᠰᠤ ᠶᠢ ᠨᠢ ᠬᠥᠩᠭᠡᠷᠡᠭᠦᠯᠵᠦ᠂ ᠡᠷᠴᠢ ᠵᠣᠷᠢᠭ ᠢ ᠨᠢ ᠬᠥᠪᠴᠢᠯᠡᠵᠦ᠂ ᠨᠠᠮ ᠤᠨ ᠲᠥᠪ ᠬᠤᠷᠢᠶᠠᠨ ᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠠᠯᠢ ᠤᠯᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃
bfca9e3bcd40eec71b6ac6d3c0fb9bb.jpg
    ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ︽ᠦᠵᠡᠯ ᠰᠠᠨᠠᠭ᠎ᠠ ᠶᠢ ᠰᠤᠷᠤᠯᠴᠠᠵᠤ ᠂ ᠨᠠᠮᠴᠢ ᠴᠢᠨᠠᠷ ᠢᠶᠠᠨ ᠴᠢᠩᠭᠠᠳᠬᠠᠨ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠡᠯ᠎ᠡ ᠲᠥᠷᠥᠯ ᠤᠨ ᠠᠵᠢᠯ ᠤᠨ ᠢᠮᠠᠭᠲᠠ ᠵᠥᠪ ᠣᠨᠣᠪᠴᠢᠲᠠᠢ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠭᠤᠯᠬᠤ ᠶᠢ ᠪᠠᠲᠣᠯᠠᠬᠤ ᠬᠡᠷᠡᠭᠲᠡᠢ᠃ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠠᠵᠢᠯ ᠢᠶᠠᠷ ᠰᠤᠷᠤᠯᠴᠠᠵᠤ ᠲᠤᠤᠱᠯᠠᠭᠤᠯᠤᠭᠰᠠᠨ ᠦᠷ᠎ᠡ ᠪᠦᠲᠦᠮᠵᠢ ᠪᠠᠨ ᠰᠢᠯᠭᠠᠨ ᠪᠠᠶᠢᠴᠠᠭᠠᠬᠤ ᠶᠢ ᠠᠬᠢᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠠᠶᠢᠵᠢᠷᠠᠭᠤᠯᠤᠨ ᠰᠢᠯᠢᠳᠡᠭᠵᠢᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ︽ᠣᠯᠠᠨ ᠲᠦᠮᠡᠨ ᠢ ᠠᠵᠢᠯ ᠶᠠᠪᠤᠳᠠᠯ ᠭᠦᠢᠴᠡᠳᠭᠡᠬᠦ ᠳᠤ ᠪᠠᠨ ᠬᠥᠮᠥᠨ ᠢ ᠭᠤᠶᠣᠬᠤ ᠦᠭᠡᠢ᠂ ᠠᠵᠤ ᠠᠬᠤᠶᠢᠯᠠᠯ ᠬᠢᠨ ᠠᠵᠢᠯ ᠶᠠᠪᠤᠳᠠᠯ ᠬᠦᠢᠴᠡᠳᠭᠡᠬᠦ ᠳᠤ ᠨᠠᠩ ᠲᠥᠬᠦᠮ ᠪᠣᠯᠭᠠᠬᠤ︾ ᠪᠠᠷ ᠬᠠᠷᠠᠯᠲᠠ ᠪᠣᠯᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠦᠢᠯᠡᠴᠢᠯᠡᠭᠡᠨ ᠤ ᠣᠶᠢᠯᠠᠭᠠᠭᠳᠠᠬᠤᠨ ᠢ ᠴᠢᠩᠭᠠᠳᠬᠠᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠢᠶᠠᠨ ᠵᠢᠯᠣᠭᠤᠳᠣᠭᠤᠯᠬᠤ ᠦᠵᠡᠯ ᠰᠠᠨᠠᠭᠠᠨ ᠤ ᠵᠦᠭᠯᠡᠭᠦᠷ ᠪᠣᠯᠭᠠᠨ ᠬᠤᠪᠢᠷᠠᠭᠤᠯᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠢ ᠵᠣᠬᠢᠴᠠᠭᠤᠯᠤᠨ ᠬᠠᠮᠲᠤ ᠳᠤᠨᠢ ᠠᠬᠢᠭᠤᠯᠵᠤ᠂ ᠭᠠᠷᠮᠠᠭᠠᠢ ᠠᠮᠵᠢᠯᠲᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠪᠡ᠃
c913c8353d5804f99f2fa2489942c9e.jpg
    ᠬᠤᠷᠠᠯ ᠳᠡᠭᠡᠷ᠎ᠡ᠂ ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠣᠨ ︽ᠬᠤᠳᠠᠯᠳᠤᠭ᠎ᠠ  ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠦᠷᠢᠮ︾ ᠤᠨ ᠲᠣᠬᠠᠢ ᠤᠯᠠᠮᠵᠢᠯᠠᠨ ᠰᠤᠷᠤᠯᠴᠠᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号