4 ᠰᠠᠷ᠎ᠠ ᠶᠢᠨ 21 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠤᠯᠭ᠎ᠠ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ | ᠳᠦᠷᠢᠮ︾ ᠢ ᠲᠥᠪᠯᠡᠷᠡᠭᠦᠯᠦᠨ ᠰᠤᠷᠤᠯᠴᠠᠵᠦ ᠵᠢᠴᠢ ᠮᠡᠳᠡᠯᠭᠡ ᠶᠢᠨ ᠰᠢᠯᠭᠠᠯᠲᠠ ᠬᠢᠪᠡ᠃ ᠬᠤᠷᠠᠯ ᠠᠴᠠ᠂ | ᠬᠠᠤᠯᠢᠵᠢᠯ ᠤᠨ ᠰᠡᠳᠬᠢᠬᠦᠢ ᠪᠠᠨ ᠴᠢᠩᠭᠠᠳᠬᠠᠵᠤ᠂ ᠬᠠᠤᠯᠢᠵᠢᠯ ᠤᠨ ᠤᠬᠠᠮᠰᠠᠷ ᠢᠶᠠᠨ ᠴᠢᠩᠭᠠᠳᠬᠠᠵᠤ᠂ | ᠬᠠᠤᠯᠢᠵᠢᠯ ᠤᠨ ᠦᠵᠡᠯᠲᠡ ᠶᠢ ᠪᠤᠢ ᠪᠣᠯᠭᠠᠵᠤ᠂ ︽ᠳᠦᠷᠢᠮ︾ ᠢ ᠰᠤᠷᠤᠯᠴᠠᠵᠤ ᠤᠬᠠᠭᠤᠯᠬᠤ ᠪᠠ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠤᠷᠤᠯᠴᠠᠵᠤ ᠤᠬᠠᠭᠤᠯᠬᠤ ᠶᠢᠨ ᠪᠦᠷᠬᠦᠴᠡ ᠶᠢᠨ ᠬᠡᠪᠴᠢᠶ᠎ᠡ ᠪᠠ | ᠨᠥᠯᠥᠭᠡᠯᠡᠬᠦ ᠬᠦᠴᠦᠨ ᠢ ᠴᠢᠷᠮᠠᠶᠢᠨ ᠥᠷᠭᠡᠳᠬᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ | ᠬᠦᠨᠳᠦᠳᠬᠡᠬᠦ᠂ ᠪᠦᠯᠬᠦᠮᠳᠡᠨ ᠬᠠᠪᠰᠤᠷᠤᠯᠴᠠᠬᠤ ᠶᠢ ᠠᠬᠢᠭᠤᠯᠵᠤ᠂ ᠬᠥᠮᠥᠨ ᠪᠦᠬᠦᠨ ᠦᠨᠳᠦᠰᠦᠲᠡᠨ ᠤ ᠪᠦᠯᠬᠦᠮᠳᠡᠯ ᠢ | ᠠᠩᠬᠠᠷᠬᠤ᠂ ᠬᠥᠮᠥᠨ ᠪᠦᠬᠦᠨ ᠦᠨᠳᠦᠰᠦᠲᠡᠨ ᠤ ᠲᠠᠪᠰᠢᠯᠳᠠ ᠶᠢ ᠳᠡᠮᠵᠢᠬᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ | ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | | | |