4 ᠰᠠᠷ᠎ᠠ ᠶᠢᠨ 21 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ | ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 52 ᠤᠳᠠᠭᠠᠨ ᠤ ᠪᠠᠶᠢᠩᠭᠤ ᠶᠢᠨ | ᠬᠤᠷᠢᠶᠠᠨ ︵ᠥᠷᠭᠡᠳᠬᠡᠭᠰᠡᠨ︶ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ | ᠸᠧᠨ ᠯᠠᠨ ᠵᠡᠷᠭᠡ ᠵᠠᠷᠤᠳ ᠳᠤ ᠪᠠᠨ ᠪᠠᠶᠢᠭ᠎ᠠ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ | ᠬᠤᠷᠠᠯ ᠳᠤ ᠣᠷᠣᠯᠴᠠᠵᠤ᠂ ᠦ᠋ ᠴᠢᠩ ᠬᠠᠢ ᠵᠡᠷᠭᠡ ᠬᠤᠰᠢᠭᠤᠨ ᠤ ᠭᠠᠵᠠᠷ ᠤᠨ ᠲᠠᠰ ᠤᠨ ᠤᠳᠤᠷᠢᠳᠤᠯᠭ᠎ᠠ ᠪᠣᠯᠣᠨ | ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠳ ᠬᠤᠷᠠᠯ ᠳᠤ ᠰᠤᠯᠠ | ᠤᠷᠤᠯᠴᠠᠪᠠ᠃ | | | | | ᠱᠤᠤ ᠶᠠᠨ ᠵᠢᠶᠦ᠋ᠨ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ | ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠭᠤᠣᠯ ᠰᠡᠳᠦᠪᠲᠦ | ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠭᠤᠣᠯ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠱᠤᠤ ᠶᠠᠨ ᠵᠢᠶᠦ᠋ᠨ ᠠᠴᠠ᠂ ᠠᠯᠠᠰᠢᠨ ᠦᠬᠡᠷ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ︽ᠬᠤᠨᠢ ᠶᠢ | ᠴᠥᠭᠡᠳᠬᠡᠨ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ | ᠪᠠᠭ᠎ᠠ ᠬᠡᠪᠴᠢᠶ᠎ᠡ᠂ ᠲᠣᠮᠣ ᠪᠦᠯᠦᠭᠯᠡᠯ︾ ᠲᠡᠰᠢ ᠭᠤᠶᠢᠪᠢᠰᠢ ᠦᠭᠡᠢ ᠬᠥᠭᠵᠢᠭᠦᠯᠵᠦ᠂ ᠠᠯᠠᠰᠢᠨ ᠦᠬᠡᠷ ᠤᠨ ᠠᠵᠤ | ᠦᠢᠯᠡᠰ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠰᠠᠶᠢᠨ ᠡᠭᠦᠯᠳᠡᠷ ᠢ ᠦᠷᠡᠵᠢᠭᠦᠯᠦᠨ | ᠪᠣᠶᠢᠵᠢᠭᠤᠯᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠰᠠᠶᠢᠨ | ᠡᠭᠦᠯᠳᠡᠷ ᠤᠨ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ | ᠠᠯᠠᠰᠢᠨ ᠦᠬᠡᠷ ᠢ ᠨᠠᠷᠢᠯᠢᠭ ᠡᠳ᠋ᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠᠯᠢᠬᠵᠢᠭᠰᠠᠨ᠂ | ᠨᠠᠷᠢᠯᠢᠭᠵᠢᠭᠰᠠᠨ ᠮᠢᠬᠠᠨ ᠤ ᠪᠦᠲᠦᠭᠡᠭᠳᠡᠬᠦᠨ ᠤ ᠲᠥᠷᠥᠯ ᠢ ᠨᠡᠭᠡᠭᠡᠨ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ | ᠪᠠᠨ ᠤᠷᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | ᠱᠤᠤ ᠶᠠᠨ ᠵᠢᠶᠦ᠋ᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠤᠭ ᠤᠨ ᠡᠷᠡᠰ ᠴᠢᠩᠭ᠎ᠠ ᠣᠪᠣᠷ ᠢᠶᠠᠷ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ︽ᠲᠡᠮᠦᠷ ᠳᠠᠪᠲᠠᠬᠤ ᠳᠤ ᠲᠦᠰᠢ ᠬᠠᠲᠠᠭᠤ | ᠪᠠᠶᠢᠬᠤ ᠬᠡᠷᠡᠭᠲᠡᠢ︾ ᠭᠡᠳᠡᠭ ᠢᠶᠠᠷ ᠲᠣᠭᠤᠷᠢᠨ ᠪᠠᠶᠢᠴᠠᠭᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ | ᠲᠣᠭᠤᠷᠢᠨ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢ | ᠠᠳᠬᠤᠬᠤ ᠶᠢ ᠡᠳᠦᠷ ᠳᠤᠳᠤᠮ ᠤᠨ ᠠᠵᠢᠯ ᠳᠤ ᠠᠭᠤᠰᠤᠯᠴᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠲᠠᠢ ᠠᠭᠤᠰᠤᠯᠴᠠᠭᠤᠯᠵᠤ᠂ ᠪᠠᠭ ᠤᠨ ᠡᠩᠨᠡᠭᠡᠨ ᠤ ᠪᠠᠶᠢᠭᠤᠯᠤᠯᠲᠠ ᠳᠤ ᠠᠭᠤᠰᠤᠯᠴᠠᠭᠤᠯᠬᠤ ᠬᠡᠷᠡᠭᠲᠡᠢ᠃ ᠠᠯᠤᠰ | ᠬᠡᠳᠤ ᠶᠢᠨ ᠬᠥᠭᠵᠢᠯᠲᠡ ᠶᠢ ᠪᠣᠳᠣᠯᠬᠢᠯᠠᠵᠤ᠂ ᠳᠦᠷᠢᠮ ᠲᠣᠭᠲᠠᠭᠠᠯ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠠᠳᠬᠤᠵᠤ᠂ ᠴᠠᠭᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ᠂ ᠦᠩᠭᠡᠨ ᠲᠠᠯ᠎ᠠ ᠪᠠᠷ | ᠵᠠᠰᠠᠬᠤ ᠪᠠᠷ ᠭᠠᠷᠳᠠᠨ ︽ᠣᠳᠣᠬᠠᠨ ᠳᠤ ᠥᠭᠡᠷᠡᠴᠢᠯᠡᠬᠦ︾ ᠠᠷᠭ᠎ᠠ ᠬᠡᠮᠵᠢᠶ᠎ᠡ ᠠᠪᠬᠤ ᠪᠠᠷ ᠪᠠᠷᠠᠬᠤ ᠦᠭᠡᠢ᠂ ᠨᠡᠩ | ᠴᠤ ᠦᠨᠳᠦᠰᠦ ᠰᠤᠷᠪᠤᠯᠵᠢ ᠠᠴᠠ ᠨᠢ ᠵᠠᠰᠠᠬᠤ ︽ᠤᠷᠳᠤ ᠬᠤᠭᠤᠴᠠᠭ᠎ᠠ ᠪᠠᠷ ᠦᠭᠡᠷᠡᠴᠢᠯᠡᠬᠦ︾ ᠳᠦᠷᠢᠮ ᠢ | ᠲᠡᠭᠦᠯᠳᠡᠷᠵᠢᠭᠦᠯᠬᠦ ᠶᠢ ᠠᠩᠬᠠᠷᠴᠤ᠂ ᠳᠦᠷᠢᠮ ᠤᠨ ᠵᠠᠮᠪᠠ ᠶᠢ ᠦᠨᠡᠨᠬᠦ ᠪᠠᠬᠢᠵᠢᠭᠦᠯᠵᠦ᠂ ᠳᠦᠷᠢᠮ ᠢᠶᠠᠷ ᠬᠥᠮᠥᠨ ᠢ | ᠬᠠᠮᠢᠶᠠᠷᠬᠤ᠂ ᠡᠷᠬᠡ ᠶᠢ ᠬᠠᠮᠢᠶᠠᠷᠬᠤ᠂ ᠬᠡᠷᠡᠭ ᠶᠠᠪᠤᠳᠠᠯ ᠢ ᠬᠠᠮᠢᠶᠠᠷᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠬᠡᠵᠦ | ᠴᠢᠩᠭᠠᠳᠬᠠᠪᠠ᠃ | ᠱᠣᠣ ᠶᠠᠨ ᠵᠢᠶᠦ᠋ᠨ ᠱᠠᠭᠠᠷᠳᠠᠭᠰᠠᠨ ᠨᠢ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠭᠤᠣᠯ ᠡᠭᠦᠷᠭᠡ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ | ᠣᠯᠠᠨ ᠲᠦᠮᠡᠨ ᠠᠴᠠ ᠣᠶᠢᠷ᠎ᠠ᠂ ᠣᠯᠠᠨ ᠲᠦᠮᠡᠨ ᠲᠠᠢ ᠳᠣᠲᠣᠨᠣ ᠬᠠᠷᠢᠯᠴᠠᠭ᠎ᠠ ᠪᠠᠶᠢᠬᠤ ᠣᠨᠴᠠᠯᠢᠭ ᠢ ᠪᠠᠳᠠᠷᠠᠭᠤᠯᠵᠤ᠂ | ᠣᠯᠠᠨ ᠲᠦᠮᠡᠨ ᠤ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠨ᠂ ᠨᠠᠮ ᠪᠠ ᠣᠯᠠᠨ ᠲᠦᠮᠡᠨ᠂ ᠺᠠᠳ᠋ᠷ ᠪᠠ | ᠣᠯᠠᠨ ᠲᠦᠮᠡᠨ ᠤ ᠬᠠᠷᠢᠴᠠᠭ᠎ᠠ ᠶᠢ ᠵᠣᠬᠢᠴᠠᠭᠤᠯᠵᠤ᠂ ᠣᠯᠠᠨ ᠲᠦᠮᠡᠨ ᠤ ᠣᠶᠤᠨ ᠰᠠᠨᠠᠭᠠᠨ ᠤ ᠳᠦᠷᠰᠦ ᠪᠠᠶᠢᠳᠠᠯ ᠢ | ᠳᠡᠭᠡᠭᠰᠢᠯᠡᠭᠦᠯᠦᠨ᠂ ᠨᠡᠶᠢᠭᠡᠮ ᠤᠨ ᠪᠣᠯᠪᠠᠰᠤᠨ ᠤ ᠬᠡᠪ ᠰᠤᠷᠲᠠᠯ ᠢ ᠪᠣᠶᠢᠵᠢᠭᠤᠯᠵᠤ᠂ ᠣᠯᠠᠨ ᠲᠦᠮᠡᠨ ᠢ ᠤᠬᠠᠭᠤᠯᠬᠤ᠂ | ᠣᠯᠠᠨ ᠲᠦᠮᠡᠨ ᠢ ᠬᠥᠮᠥᠵᠢᠭᠦᠯᠬᠦ᠂ ᠣᠯᠠᠨ ᠲᠦᠮᠡᠨ ᠢ ᠬᠥᠲᠥᠯᠥᠨ ᠳᠠᠭᠠᠭᠤᠯᠬᠤ᠂ ᠣᠯᠠᠨ ᠲᠦᠮᠡᠨ ᠳᠤ ᠦᠢᠯᠡᠴᠢᠯᠡᠬᠦ | ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠡᠯ᠎ᠡ ᠭᠤᠣᠯ ᠤᠳᠤᠷᠢᠳᠤᠯᠭ᠎ᠠ ᠲᠣᠬᠢᠷᠠᠭᠤᠯᠤᠯᠲᠠ ᠵᠢᠯᠣᠭᠤᠳᠤᠯᠭ᠎ᠠ ᠪᠠᠨ ᠴᠢᠩᠭᠠᠳᠬᠠᠵᠤ᠂ | ᠱᠠᠲᠤ ᠱᠠᠲᠤ ᠪᠠᠷ ᠳᠠᠷᠤᠯᠲᠠ ᠥᠭᠴᠦ᠂ ᠲᠡᠭᠡᠷ᠎ᠡ ᠱᠠᠲᠤ ᠨᠢ ᠲᠤᠤᠷ᠎ᠠ ᠱᠠᠳᠤ ᠪᠠᠨ ᠠᠳᠬᠤᠵᠤ᠂ ᠱᠠᠲᠤ ᠱᠠᠲᠤ ᠪᠠᠷ | ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ ᠭᠡᠪᠡ᠃ | | | | | ᠬᠤᠷᠠᠯ ᠠᠴᠠ ᠪᠠᠰᠠ 2023 ᠣᠨ ᠤ ᠪᠦᠬᠦ ᠤᠯᠤᠰ ᠤᠨ ᠴᠠᠭᠳᠠᠨ ᠪᠠᠶᠢᠴᠠᠭᠠᠬᠤ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠲᠦᠩᠯᠢᠶᠣᠣ ᠬᠤᠲᠠ᠂ ᠬᠤᠷᠴᠢᠨ ᠲᠣᠭᠤᠷᠢᠭ ᠤᠨ ᠠᠵᠢᠯ ᠢ | ᠲᠣᠭᠤᠷᠢᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠪᠠ ᠲᠣᠭᠤᠷᠢᠨ ᠪᠠᠶᠢᠴᠠᠭᠠᠵᠤ ᠴᠠᠭᠳᠠᠨ | ᠪᠠᠶᠢᠴᠠᠭᠠᠬᠤ ᠳᠤ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ ᠲᠤᠬᠠᠢ | ᠰᠠᠨᠠᠯ︾ ︽ᠲᠠᠪᠤ ᠶᠢ ᠦᠨᠳᠤᠰᠤᠨ ᠠᠴᠠ ᠨᠢ ᠡᠬᠢᠯᠡᠭᠦᠯᠬᠦ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ | ᠲᠠᠯ᠎ᠠ ᠪᠠᠷ ᠪᠦᠲᠦᠭᠡᠨ ᠪᠠᠶᠢᠭᠤᠯᠬᠤ ᠵᠢᠴᠢ ︿ᠲᠠᠪᠤᠨ ᠶᠡᠭᠡ ᠡᠬᠢᠯᠡᠯᠲᠡ ᠲᠠᠢ ᠪᠣᠯᠭᠠᠬᠤ﹀ ᠠᠵᠢᠯᠯᠠᠭ᠎ᠠ ᠶᠢᠨ ᠲᠤᠰᠬᠠᠢ | ᠲᠣᠭᠤᠷᠢᠨ ᠪᠠᠶᠢᠴᠠᠭᠠᠵᠤ ᠴᠠᠭᠳᠠᠨ ᠪᠠᠶᠢᠴᠠᠭᠠᠬᠤ ᠶᠢ ᠬᠤᠯᠪᠤᠭᠠᠯᠠᠨ ᠬᠥᠳᠡᠯᠦᠯᠴᠡᠵᠦ ᠬᠢᠨᠠᠯᠲᠠ ᠲᠠᠯᠪᠢᠬᠤ ᠠᠵᠢᠯ ᠤᠨ | ᠲᠥᠰᠥᠯ︾ ︽ᠬᠤᠲᠠ ᠶᠢᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠵᠤ ᠰᠢᠪᠠᠳᠠᠨ ᠪᠠᠶᠢᠴᠠᠭᠠᠬᠤ | ᠳᠤᠭᠤᠶᠢᠯᠠᠩ ᠤᠨ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠢ ᠬᠢᠨᠠᠨ | ᠵᠢᠯᠣᠭᠤᠳᠤᠭᠰᠠᠨ ᠪᠠᠶᠢᠳᠠᠯ ᠤᠨ ᠲᠤᠬᠠᠢ ᠬᠠᠷᠢᠭᠤ ᠲᠤᠰᠬᠠᠭᠰᠠᠨ ᠰᠠᠨᠠᠯ︾︔ ︽ᠬᠤᠲᠠ ᠶᠢᠨ ᠨᠠᠮ ᠤᠨ | ᠬᠤᠷᠢᠶ᠎ᠠ ᠶᠢᠨ ᠴᠠᠭᠳᠠᠨ ᠪᠠᠶᠢᠴᠠᠭᠠᠵᠤ ᠵᠢᠭᠠᠨ ᠵᠢᠯᠤᠭᠤᠳᠴᠤ ᠬᠢᠨᠠᠨ ᠵᠢᠯᠤᠭᠤᠳᠴᠤ ᠬᠠᠷᠢᠭᠤ ᠲᠤᠰᠬᠠᠭᠰᠠᠨ ᠰᠠᠨᠠᠯ ᠢ | ᠴᠡᠭᠴᠡᠯᠡᠨ ᠰᠠᠶᠢᠵᠢᠷᠠᠭᠤᠯᠬᠤ ᠲᠤᠬᠠᠢ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠲᠥᠰᠥᠯ︾ ᠢ ᠬᠢᠨᠠᠨ | ᠵᠥᠪᠯᠡᠪᠡ︔ ᠪᠥᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ | ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ |