| 4 ᠰᠠᠷ᠎ᠠ ᠶᠢᠨ 22 ᠤᠨ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠪᠦᠦ ᠸᠧᠨ ᠯᠠᠨ ᠤᠷᠢᠳ ᠬᠤᠵᠢᠳ ᠯᠦᠪᠧᠢ ᠪᠠᠯᠭᠠᠰᠤᠨ ᠤ ᠫᠢᠩ ᠠᠨ ᠳ᠋ᠢ ᠲᠣᠰᠬᠤᠨ᠂ ᠬᠥᠩ ᠨᠦᠩ | ᠲᠣᠰᠬᠤᠨ ᠪᠠ ᠵᠢᠷᠦᠬᠡ ᠪᠠᠯᠭᠠᠰᠤᠨ ᠤ ᠶᠦᠩ ᠰᠢᠨ ᠲᠣᠰᠬᠤᠨ᠂ ᠭᠠᠭ᠋ᠠᠶᠢᠲᠤ ᠪᠠᠯᠭᠠᠰᠤᠨ ᠤ ᠵᠢᠪᠣᠲᠤ ᠭᠠᠴᠠᠭ᠎ᠠ | ᠵᠡᠷᠭᠡ ᠭᠠᠵᠠᠷ ᠲᠤ ᠬᠦᠷᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠬᠤᠳᠳᠤᠭ ᠢ ᠴᠡᠭᠴᠡᠯᠡᠨ | ᠰᠠᠶᠢᠵᠢᠷᠠᠭᠤᠯᠬᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠥᠷᠥᠯ ᠵᠦᠢᠯ ᠠᠭᠤᠯᠠᠨ ᠦᠶᠡᠷ ᠲᠤ | ᠢᠳᠡᠭᠳᠡᠭᠰᠡᠨ ᠭᠤᠤ ᠭᠠᠩᠭ᠎ᠠ ᠶᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ | ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠳᠡᠳ᠋ ᠬᠤᠰᠢᠭᠤᠨ ᠳᠠᠷᠤᠭ᠎ᠠ ᠼᠦᠢ ᠯᠧᠢ ᠯᠧᠢ ᠪᠣᠯᠣᠨ | ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ | ᠬᠢᠪᠡ᠃ | | | ᠯᠦᠪᠸᠢ ᠪᠠᠯᠭᠠᠰᠤᠨ ᠤ ᠫᠢᠩ ᠠᠨ ᠳ᠋ᠢ ᠲᠣᠰᠬᠤᠨ᠂ ᠭᠠᠭ᠋ᠠᠶᠢᠲᠤ ᠪᠠᠯᠭᠠᠰᠤᠨ ᠤ ᠵᠢᠪᠣᠲᠤ ᠭᠠᠴᠠᠭ᠎ᠠ ᠳᠤ᠂ ᠪᠦᠦ | ᠸᠧᠨ ᠯᠠᠨ ᠬᠠᠮᠲᠤ ᠶᠠᠪᠣᠭᠰᠠᠳ ᠲᠠᠢ ᠪᠠᠨ ᠮᠠᠰᠢᠨ ᠬᠤᠳᠳᠤᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ | ᠲᠤᠬᠠᠢ ᠶᠢᠨ ᠭᠠᠵᠠᠷ ᠲᠤᠨᠢ ᠱᠠᠭᠠᠷᠳᠠᠨ ᠵᠢᠯᠤᠭᠤᠳᠴᠤ ᠪᠠᠶᠢᠴᠠᠭᠠᠪᠠ᠃ ᠪᠦᠦ ᠸᠧᠨ ᠯᠠᠨ ᠴᠢᠬᠤᠯᠠᠴᠢᠯᠠᠭᠰᠠᠨ ᠨᠢ᠂ | ᠮᠠᠰᠢᠨ ᠬᠤᠳᠳᠤᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ | ᠡᠭᠦᠷᠭᠡ ᠪᠣᠯᠭᠠᠨ ᠠᠳᠬᠤᠵᠤ᠂ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠢ ᠦᠨᠳᠦᠰᠦᠯᠡᠵᠦ᠂ ᠮᠠᠰᠢᠨ | ᠬᠤᠳᠳᠤᠭ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠠᠬᠢᠴᠠ ᠶᠢ ᠲᠦᠷᠭᠡᠳᠬᠡᠵᠦ᠂ ᠤᠰᠤ ᠭᠠᠷᠬᠤ | ᠬᠡᠮᠵᠢᠶ᠎ᠡ ᠶᠢ ᠪᠠᠲᠤᠯᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠢ | ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠲᠤᠬᠠᠢ ᠶᠢᠨ ᠭᠠᠵᠠᠷ ᠣᠷᠣᠨ ᠤ ᠪᠠᠶᠢᠳᠠᠯ | ᠳᠤᠨᠢ ᠲᠣᠬᠢᠷᠠᠭᠤᠯᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠥᠯᠥᠪᠵᠢᠭᠦᠯᠵᠦ᠂ | ᠬᠠᠮᠢᠶᠠᠷᠴᠤ ᠬᠠᠮᠠᠭᠠᠯᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠬᠠᠮᠢᠶᠠᠷᠴᠤ ᠬᠠᠮᠠᠭᠠᠯᠠᠬᠤ ᠴᠠᠭᠳᠠᠨ | ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠲᠦᠭᠦᠭᠡᠷᠦᠮᠵᠢ ᠶᠢ ᠴᠠᠭ ᠲᠤᠬᠠᠢ ᠳᠤᠨᠢ | ᠰᠡᠯᠪᠢᠨ ᠵᠠᠰᠠᠬᠤ ᠬᠡᠷᠡᠭᠲᠡᠢ᠃ ᠤᠬᠠᠭᠤᠯᠤᠨ ᠳᠠᠶᠢᠴᠢᠯᠠᠬᠤ ᠡᠷᠴᠢᠮ ᠢᠶᠠᠨ ᠴᠢᠩᠭᠠᠷᠠᠭᠤᠯᠵᠤ᠂ ᠥᠷᠭᠡᠨ ᠤᠯᠠᠨ | ᠲᠠᠷᠢᠶᠠᠴᠢᠳ ᠤᠨ ᠲᠠᠷᠢᠶᠠᠨ ᠭᠠᠵᠠᠷ ᠤᠨ ᠲᠤᠨᠤᠭ ᠲᠥᠬᠦᠭᠡᠷᠦᠮᠵᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ | ᠤᠰᠤᠨ ᠤ ᠡᠬᠢ ᠰᠤᠷᠪᠤᠯᠵᠢ ᠶᠢ ᠨᠠᠨᠳᠢᠩᠨᠠᠬᠤ᠂ ᠲᠤᠨᠤᠭ ᠲᠥᠬᠦᠭᠡᠷᠦᠮᠵᠢ ᠶᠢ ᠬᠠᠶᠢᠷᠠᠯᠠᠬᠤ ᠤᠬᠠᠮᠰᠠᠷᠲᠤ ᠴᠢᠨᠠᠷ ᠪᠠ | ᠬᠠᠷᠢᠭᠤᠴᠠᠯᠭᠠᠲᠤ ᠰᠡᠳᠬᠢᠯᠭᠡ ᠶᠢ ᠨᠢ ᠴᠢᠩᠭᠠᠳᠬᠠᠬᠤ ᠬᠡᠷᠡᠭᠲᠡᠢ ᠭᠡᠪᠡ᠃ | | | | ᠯᠦᠪᠸᠢ ᠪᠠᠯᠭᠠᠰᠤᠨ ᠤ ᠬᠥᠩ ᠨᠦᠩ ᠲᠣᠰᠬᠤᠨ ᠪᠣᠯᠣᠨ ᠵᠢᠷᠦᠬᠡ ᠪᠠᠯᠭᠠᠰᠤᠨ ᠤ ᠶᠦᠩ ᠰᠢᠨ ᠲᠣᠰᠬᠤᠨ ᠤ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠦᠷᠦᠯ ᠵᠦᠢᠯ ᠤᠨ ᠠᠭᠤᠯᠠᠨ ᠦᠶᠡᠷ ᠲᠤ ᠢᠳᠡᠭᠳᠡᠭᠰᠡᠨ ᠭᠤᠤ | ᠭᠠᠩᠭ᠎ᠠ ᠶᠢ ᠵᠠᠰᠠᠬᠤ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠠᠬᠤᠢ ᠲᠠᠯᠠᠪᠠᠢ ᠳᠤ᠂ ᠪᠦᠦ ᠸᠧᠨ ᠯᠠᠨ | ᠦᠶᠡᠷ ᠲᠤ ᠢᠳᠡᠭᠳᠡᠭᠰᠡᠨ ᠭᠤᠤ ᠭᠠᠩᠭ᠎ᠠ ᠶᠢ ᠵᠠᠰᠠᠬᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠮᠠᠰᠢᠨ ᠮᠧᠬᠠᠨᠢᠭ ᠪᠠ ᠬᠥᠮᠥᠨ ᠤ | ᠬᠦᠴᠦᠨ ᠢ ᠤᠯᠠᠮ ᠨᠢᠭᠡ ᠠᠯᠬᠤᠮ ᠨᠡᠮᠡᠨ ᠲᠣᠮᠢᠯᠠᠵᠤ᠂ ᠰᠣᠯᠪᠢᠴᠠᠨ ᠪᠠᠷᠢᠯᠭ᠎ᠠ ᠪᠠᠷᠢᠬᠤ ᠠᠷᠭ᠎ᠠ ᠶᠢ ᠠᠪᠴᠤ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ | ᠮᠥᠴᠢᠷ ᠬᠢᠨ ᠠᠬᠤᠢ ᠲᠠᠯᠠᠪᠠᠶ ᠳᠤ ᠭᠦᠨᠵᠡᠭᠡᠶᠢᠷᠡᠨ ᠪᠠᠷᠢᠯᠭ᠎ᠠ ᠶᠢᠨ ᠠᠬᠢᠴᠠ ᠶᠢᠨ ᠪᠣᠭᠤᠮᠲᠠ ᠪᠠ ᠶᠠᠰᠤ ᠴᠢᠨᠠᠷ ᠤᠨ | ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠵᠠᠮ ᠱᠤᠭᠤᠮ ᠢ ᠣᠨᠣᠪᠴᠢᠲᠠᠢ ᠲᠣᠭᠲᠠᠭᠠᠨ᠂ | ᠳᠠᠭᠠᠭᠠᠴᠢᠯᠠᠭᠰᠠᠨ ᠬᠡᠰᠡᠭ ᠨᠢᠭᠡᠪᠦᠷᠢ ᠶᠢᠨ ᠥᠯᠢᠭᠡᠷ ᠬᠡᠰᠡᠭ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ | ᠠᠵᠢᠯᠴᠢᠨ᠂ ᠮᠠᠰᠢᠨ ᠮᠧᠬᠠᠨᠢᠭ ᠤᠨ ᠲᠣᠬᠢᠷᠠᠭᠤᠯᠤᠯᠲᠠ ᠶᠢ ᠵᠣᠬᠢᠴᠠᠭᠤᠯᠵᠤ᠂ ᠥᠯᠢᠭᠡᠷ ᠬᠡᠰᠡᠭ ᠤᠨ ᠪᠠᠷᠢᠯᠭ᠎ᠠ ᠶᠢᠨ | ᠪᠠᠷᠢᠮᠵᠢᠶ᠎ᠠ ᠶᠣᠰᠣᠭᠠᠷ᠂ ᠪᠠᠷᠢᠯᠭ᠎ᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠷᠢᠯᠭ᠎ᠠ ᠶᠢᠨ ᠡᠭᠦᠷᠭᠡ ᠪᠠᠨ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ |