| 4 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ | ᠱᠦᠵᠢ ᠱᠣᠸ ᠶᠠᠨ ᠵᠢᠶᠦ᠋ᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠳᠤ ᠪᠠᠷ᠎ᠠ ᠪᠣᠯᠵᠤ ᠵᠥᠩ ᠰᠢᠨ | ᠪᠦᠯᠦᠭᠯᠡᠯ ᠳᠤ ᠬᠦᠷᠴᠦ ᠬᠥᠩᠭᠡᠨ ᠴᠠᠭᠠᠨ ᠤ ᠪᠤᠯᠤ᠂ ᠮᠠᠰᠢᠨ ᠲᠡᠷᠭᠡᠨ ᠤ ᠴᠢᠳᠬᠤᠮᠠᠯ ᠲᠣᠨᠤᠭ ᠤᠨ ᠲᠥᠷᠥᠯ ᠵᠦᠢᠯ ᠢ | ᠰᠢᠨᠵᠢᠯᠡᠨ ᠪᠠᠶᠢᠴᠠᠭᠠᠪᠠ᠃ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ ᠰᠠᠭᠤᠳᠠᠯ ᠤᠨ ᠬᠤᠷᠠᠯ ᠬᠢᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠨ᠂ ᠪᠣᠬᠢᠷᠲᠤᠯ ᠦᠭᠡᠢ ᠳᠡᠭᠡᠳᠦ ᠲᠠᠰ ᠤᠨ ᠦᠢᠯᠡᠳᠬᠦ ᠠᠵᠤ ᠦᠢᠯᠡᠰ ᠤᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠵᠢᠴᠢ ᠬᠠᠮᠲᠤ ᠶᠢᠨ | ᠲᠠᠨᠢᠯᠲᠠ ᠲᠠᠢ ᠪᠣᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠮᠡᠷᠭᠡᠨᠪᠠᠲᠤ᠂ ᠳᠡᠳ᠋ ᠬᠤᠲᠠ ᠶᠢᠨ ᠳᠠᠷᠤᠭ᠎ᠠ ᠰᠢᠤᠸᠠᠨ ᠳ᠋ᠦᠩ ᠱᠧᠩ᠂ | ᠤᠯᠤᠰ ᠤᠨ ᠴᠠᠬᠢᠯᠭᠠᠨ ᠬᠦᠴᠦᠨ ᠤ ᠪᠡᠯᠡ ᠣᠷᠤᠭᠤᠯᠤᠯᠲᠠ ᠶᠢᠨ ᠥᠪᠥᠷ ᠮᠣᠩᠭᠤᠯ ᠤᠨ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠸᠠᠩ ᠸᠧᠢ ᠭᠤᠸᠠᠩ᠂ ᠳᠡᠳ᠋ ᠬᠤᠰᠢᠭᠤᠨ ᠳᠠᠷᠤᠭ᠎ᠠ ᠯᠢ ᠶᠦᠩ ᠬᠠᠢ᠂ ᠬᠤᠲᠠ ᠶᠢᠨ | ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠵᠡᠷᠭᠡ ᠬᠤᠲᠠ | ᠬᠤᠰᠢᠭᠤᠨ ᠤ ᠰᠠᠯᠠᠭ᠎ᠠ ᠮᠥᠴᠢᠷ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠤᠭᠤᠯᠤᠯᠲᠠ ᠶᠢᠨ ᠥᠪᠥᠷ | ᠮᠣᠩᠭᠤᠯ ᠤᠨ ᠺᠣᠮᠫᠠᠨᠢ ᠶᠢᠨ ᠬᠠᠮᠢᠶ᠎ᠠ ᠪᠦᠬᠦᠢ ᠬᠥᠮᠥᠰ ᠪᠠᠷ᠎ᠠ ᠪᠣᠯᠵᠤ ᠰᠢᠨᠵᠢᠯᠡᠨ ᠪᠠᠶᠢᠴᠠᠭᠠᠵᠤ ᠰᠠᠭᠤᠳᠠᠯ ᠤᠨ ᠬᠤᠷᠠᠯ | ᠬᠢᠪᠡ᠃ | | |