ᠵᠠᠷᠤᠳ ᠬᠤᠰᠢᠭᠤᠨ ᠤ 2022 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠶᠡᠷᠦᠩᠬᠡᠢ ᠬᠢᠷᠢ ᠪᠦᠲᠦᠮᠵᠢ ᠪᠠ ᠪᠡᠶ᠎ᠡ ᠶᠢᠨ ᠪᠠᠶᠢᠴᠠᠭᠠᠯᠲᠠ ᠬᠢᠬᠦ ᠬᠦᠮᠤᠰ ᠢ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/4/24
    ︽ᠵᠠᠷᠤᠳ ᠬᠤᠰᠢᠭᠤᠨ ᠤ 2022 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠯᠪᠠᠨ ᠵᠠᠷ︾ ᠤᠨ ᠱᠠᠭᠠᠷᠳᠠᠯᠭ᠎ᠠ ᠶᠢ ᠦᠨᠳᠦᠰᠦᠯᠡᠨ᠂  ᠦᠨᠤ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠪᠠ ᠪᠡᠶ᠎ᠡ ᠶᠢᠨ ᠪᠠᠶᠢᠴᠠᠭᠠᠯᠲᠠ ᠬᠢᠬᠦ ᠬᠤᠯᠪᠣᠭᠳᠠᠯ ᠪᠦᠬᠦᠢ ᠵᠦᠢᠯᠡᠰ ᠢ ᠲᠤᠤᠷ᠎ᠠ ᠮᠡᠳᠡᠭᠳᠡᠶ᠎ᠡ᠄    ᠨᠢᠭᠡ᠂ ᠶᠡᠷᠦᠩᠬᠡᠢ ᠬᠢᠷᠢ ᠪᠦᠲᠦᠮᠵᠢ ᠵᠢᠴᠢ ᠪᠡᠶ᠎ᠡ ᠶᠢᠨ ᠪᠠᠶᠢᠴᠠᠭᠠᠯᠲᠠ ᠬᠢᠬᠦ ᠭᠤᠭᠴᠤᠭ᠎ᠠ ᠳᠤ ᠤᠷᠤᠭᠰᠠᠨ ᠬᠦᠮᠤᠰ ︵ᠳᠠᠭᠠᠯᠳᠤᠭᠤᠯᠤᠯ 1᠂ ᠳᠠᠭᠠᠯᠳᠤᠭᠤᠯᠤᠯ 2  ᠢ ᠵᠠᠰᠠᠭ ᠤᠨ ᠤᠷᠳᠤᠨ ᠤ ᠬᠢᠳᠠᠳ ᠰᠦᠯᠵᠢᠶ᠎ᠡ ᠳᠤ ᠦᠵᠡᠭᠡᠷᠡᠢ︶    ᠬᠤᠶᠠᠷ᠂ ᠪᠡᠶ᠎ᠡ ᠶᠢᠨ ᠪᠠᠶᠢᠴᠠᠭᠠᠯᠲᠠ ᠶᠢᠨ ᠴᠠᠭ ᠵᠢᠴᠢ ᠭᠠᠵᠠᠷ    ᠪᠡᠶ᠎ᠡ ᠶᠢᠨ ᠪᠠᠶᠢᠴᠠᠭᠠᠯᠲᠠ ᠶᠢᠨ ᠭᠤᠭᠴᠤᠭ᠎ᠠ ᠳᠤ ᠣᠷᠣᠭᠰᠠᠨ ᠰᠢᠯᠭᠠᠭᠰᠠᠳ ᠳᠠᠭᠠᠯᠳᠤᠭᠤᠯᠤᠯ 2 ᠲᠤ ᠲᠤᠬᠢᠷᠠᠭᠤᠯᠤᠭᠰᠠᠨ ᠴᠠᠭ ᠬᠤᠭᠤᠴᠠᠭ᠎ᠠ ᠳᠤ ᠴᠠᠭ ᠲᠠᠭᠠᠨ ᠪᠡᠶ᠎ᠡ ᠶᠢᠨ ᠪᠠᠶᠢᠴᠠᠭᠠᠯᠲᠠ ᠬᠢᠬᠦ ᠬᠡᠷᠡᠭᠳᠠᠢ᠃    ᠪᠡᠶ᠎ᠡ ᠶᠢᠨ ᠪᠠᠶᠢᠴᠠᠭᠠᠯᠲᠠ ᠬᠢᠬᠦ ᠴᠠᠭ᠄ 2023 ᠣᠨ ᠤ 4 ᠰᠠᠷ᠎ᠠ ᠶᠢᠨ 27 ᠤ ᠡᠳᠦᠷ ᠠᠴᠠ 4 ᠰᠠᠷ᠎ᠠ ᠶᠢᠨ 28 ᠤ ᠡᠳᠦᠷ ᠪᠣᠯᠲᠠᠯ᠎ᠠ᠂ ᠪᠡᠶ᠎ᠡ ᠶᠢᠨ ᠪᠠᠶᠢᠴᠠᠭᠠᠯᠲᠠ ᠬᠢᠬᠦ ᠰᠢᠯᠭᠠᠭᠰᠠᠳ ᠡᠳᠦᠷ ᠪᠦᠷᠢ ᠶᠢᠨ ᠥᠷᠯᠥᠭᠡ ᠶᠢᠨ 6᠄ 00 ᠴᠠᠭ ᠲᠤ ᠨᠡᠷ᠎ᠡ ᠮᠡᠳᠡᠭᠦᠯᠬᠦ ᠬᠡᠷᠡᠭᠳᠠᠢ᠃    ᠪᠡᠶ᠎ᠡ ᠶᠢᠨ ᠪᠠᠶᠢᠴᠠᠭᠠᠯᠲᠠ ᠬᠢᠬᠦ ᠭᠠᠵᠠᠷ᠄ ᠵᠠᠷᠤᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ 1 ᠳ᠋ᠤᠭᠡᠷ ᠠᠰᠠᠷ ᠤᠨ ᠬᠤᠶᠠᠳᠤᠭᠠᠷ ᠲᠠᠪᠬᠤᠷᠭ᠎ᠠ ᠶᠢᠨ ᠪᠡᠶ᠎ᠡ ᠶᠢᠨ ᠪᠠᠶᠢᠴᠠᠭᠠᠯᠲᠠ ᠶᠢᠨ ᠲᠥᠪ᠃    ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ   ︵ᠨᠢᠭᠡ︶  ᠰᠢᠯᠭᠠᠭᠰᠠᠳ ᠪᠡᠶ᠎ᠡ ᠶᠢᠨ ᠪᠠᠶᠢᠴᠠᠭᠠᠯᠲᠠ ᠬᠢᠬᠦ ᠳᠡᠭᠡᠨ ᠡᠷᠬᠡᠪᠰᠢ ᠬᠤᠪᠢ ᠬᠥᠮᠥᠨ ᠤ ᠬᠦᠴᠦᠨ ᠪᠦᠬᠦᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ︵ᠪᠤᠶᠤ ᠨᠡᠶᠢᠭᠡᠮ ᠤᠨ ᠳᠠᠭᠠᠳᠬᠠᠯ ᠤᠨ ᠺᠠᠷᠲ᠂ ᠫᠠᠰᠫᠣᠷᠲ︶ ᠪᠣᠯᠣᠨ ᠣᠶᠢᠷ᠎ᠠ ᠶᠢᠨ ᠬᠤᠭᠤᠴᠠᠭᠠᠨ ᠤ ᠬᠥᠬᠡ ᠳᠡᠪᠢᠰᠬᠡᠷ ᠲᠠᠢ ᠬᠤᠶᠠᠷ ᠢᠮᠠᠬᠤ ᠶᠢᠨ ᠮᠠᠯᠠᠭᠠᠢ ᠦᠭᠡᠢ ᠪᠤᠳᠤᠭᠲᠤ ᠬᠡᠷᠡᠯ ᠵᠢᠷᠤᠭ ᠢᠶᠠᠨ 1 ᠬᠤᠪᠢ ᠠᠪᠴᠤ ᠢᠷᠡᠬᠦ ᠬᠡᠷᠡᠭᠲᠡᠢ᠃   ︵ᠬᠤᠶᠠᠷ︶ ᠪᠡᠶ᠎ᠡ ᠶᠢᠨ ᠪᠠᠶᠢᠴᠠᠭᠠᠯᠲᠠ ᠬᠢᠬᠦ ᠵᠠᠷᠤᠳᠠᠯ ᠢ ᠰᠢᠯᠭᠠᠭᠰᠠᠳ ᠥᠪᠡᠷ ᠢᠶᠠᠨ ᠬᠠᠷᠢᠭᠤᠴᠠᠨ᠎ᠠ᠂ ᠳ᠋ᠤᠭᠠᠷᠯᠠᠬᠤ ᠵᠠᠷᠤᠳᠠᠯ 3 ᠲᠥᠭᠦᠷᠢᠭ᠂ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ 377 ᠲᠥᠭᠦᠷᠢᠭ᠃ ᠤᠯᠠᠮ ᠨᠢᠭᠡ ᠠᠯᠬᠤᠮ ᠪᠠᠶᠢᠴᠠᠭᠠᠯᠲᠠ ᠬᠢᠬᠦ ᠪᠤᠶᠤ ᠳᠠᠬᠢᠨ ᠪᠠᠶᠢᠴᠠᠭᠠᠯᠲᠠ ᠬᠢᠬᠦ ᠴᠢᠬᠤᠯᠠᠲᠠᠢ ᠪᠠᠶᠢᠪᠠᠯ ᠪᠣᠳᠠᠲᠠᠢ ᠡᠭᠦᠰᠦᠭᠰᠡᠨ ᠵᠠᠷᠤᠳᠠᠯ ᠢᠶᠠᠷ ᠪᠠᠷᠢᠮᠵᠢᠶ᠎ᠠ ᠪᠣᠯᠭᠠᠨ᠎ᠠ᠃  ︵ᠭᠤᠷᠪᠠ︶ ᠪᠡᠶ᠎ᠡ ᠶᠢᠨ ᠪᠠᠶᠢᠴᠠᠭᠠᠯᠲᠠ ᠬᠢᠵᠦ ᠳᠠᠭᠤᠰᠤᠭᠰᠠᠨ ᠤ ᠳᠠᠷᠠᠭ᠎ᠠ ᠰᠢᠯᠭᠠᠭᠰᠠᠳ ᠪᠡᠶ᠎ᠡ ᠶᠢᠨ ᠪᠠᠶᠢᠴᠠᠭᠠᠯᠲᠠ ᠬᠢᠭᠰᠡᠨ ᠬᠦᠰᠦᠨᠦᠭ ᠵᠢᠴᠢ ᠪᠡᠶ᠎ᠡ ᠶᠢᠨ ᠪᠠᠶᠢᠴᠠᠭᠠᠯᠲᠠ ᠬᠢᠭᠰᠡᠨ ᠵᠢᠭᠠᠯᠲᠠ ᠬᠠᠭᠤᠳᠠᠰᠤ ᠪᠠᠨ ᠪᠡᠶ᠎ᠡ ᠶᠢᠨ ᠪᠠᠶᠢᠴᠠᠭᠠᠯᠲᠠ ᠶᠢᠨ ᠲᠥᠪ ᠲᠤ ᠲᠤᠰᠢᠶᠠᠨ᠎ᠠ᠂ ᠡᠰᠡ ᠲᠡᠭᠡᠪᠡᠯ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠬᠦᠴᠤᠨ ᠦᠭᠡᠢ ᠪᠠᠷ ᠦᠵᠡᠨ᠎ᠡ᠃   ︵ᠳᠥᠷᠪᠡ︶ ᠰᠢᠯᠭᠠᠭᠰᠠᠳ ᠡᠮᠨᠡᠯᠭᠡ ᠶᠢᠨ ᠬᠤᠷᠢᠶ᠎ᠠ ᠪᠠ ᠪᠡᠶ᠎ᠡ ᠶᠢᠨ ᠪᠠᠶᠢᠴᠠᠭᠠᠯᠲᠠ ᠬᠢᠬᠦ ᠠᠵᠢᠯᠲᠠᠨ ᠤ ᠬᠠᠮᠢᠶᠠᠷᠤᠯᠲᠠ ᠶᠢ ᠴᠢᠩᠭ᠎ᠠ ᠳᠠᠭᠠᠵᠤ᠂ ᠭᠡᠷᠪᠡ ᠪᠡᠶ᠎ᠡ ᠶᠢᠨ ᠪᠠᠶᠢᠴᠠᠭᠠᠯᠲᠠ ᠬᠢᠬᠦ ᠰᠠᠬᠢᠯᠭ᠎ᠠ ᠪᠠᠲᠤ ᠶᠢ ᠵᠢᠷᠤᠮᠯᠠᠬᠤ ᠦᠭᠡᠢ᠂ ᠪᠡᠶ᠎ᠡ ᠶᠢᠨ ᠪᠠᠶᠢᠴᠠᠭᠠᠯᠲᠠ ᠬᠢᠬᠦ ᠬᠡᠪ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠪᠠᠶᠢᠪᠠᠯ᠂ ᠪᠡᠶ᠎ᠡ ᠶᠢᠨ ᠪᠠᠶᠢᠴᠠᠭᠠᠯᠲᠠ ᠬᠢᠬᠦ ᠬᠢᠷᠢ ᠬᠡᠮ ᠢ ᠨᠢ ᠬᠠᠰᠤᠨ᠎ᠠ᠃   ︵ᠲᠠᠪᠤ︶ ᠪᠡᠶ᠎ᠡ ᠶᠢᠨ ᠪᠠᠶᠢᠴᠠᠭᠠᠯᠲᠠ ᠬᠢᠬᠦ ᠬᠤᠭᠤᠴᠠᠭᠠᠨ ᠳᠤ ᠭᠡᠷ ᠪᠦᠯᠢ ᠶᠢᠨ ᠬᠢᠨ ᠤ ᠪᠠᠷ᠎ᠠ ᠪᠣᠯᠬᠤ ᠶᠢ ᠴᠢᠩᠭ᠎ᠠ ᠴᠠᠭᠠᠵᠠᠯᠠᠨ᠎ᠠ᠂ ᠰᠢᠯᠭᠠᠭᠰᠠᠳ ᠠᠴᠠ ᠪᠤᠰᠤᠳ ᠬᠥᠮᠥᠨ ᠪᠡᠶ᠎ᠡ ᠶᠢᠨ ᠪᠠᠶᠢᠴᠠᠭᠠᠯᠲᠠ ᠶᠢᠨ ᠲᠣᠭᠤᠷᠢᠭ ᠲᠤ ᠣᠷᠣᠬᠤ ᠶᠢ ᠴᠠᠭᠠᠵᠠᠯᠠᠨ᠎ᠠ᠃   ᠳᠥᠷᠪᠡ᠂ ᠠᠩᠬᠠᠷᠬᠤ ᠵᠦᠢᠯ  ︵ᠨᠢᠭᠡ︶ ᠪᠡᠶ᠎ᠡ ᠶᠢᠨ ᠪᠠᠶᠢᠴᠠᠭᠠᠯᠲᠠ ᠬᠢᠬᠦ ᠳᠤ ᠴᠢᠰᠤ ᠠᠪᠬᠤ᠂ B ᠬᠡᠲᠦ ᠳᠣᠯᠭᠢᠶᠠᠨ ᠵᠡᠷᠭᠡ ᠪᠠᠶᠢᠴᠠᠭᠠᠯᠲᠠ ᠬᠢᠬᠦ ᠴᠢᠬᠤᠯᠠᠲᠠᠢ᠂ ᠪᠠᠶᠢᠴᠠᠭᠠᠯᠲᠠ ᠬᠢᠬᠦ ᠠᠴᠠ ᠡᠮᠦᠨ᠎ᠡ 8 ︱ 12 ᠴᠠᠭ ᠬᠤᠭᠤᠯᠠ ᠢᠳᠡᠵᠦ ᠪᠣᠯᠬᠤ ᠦᠭᠡᠢ᠂ ᠴᠢᠰᠤ ᠠᠪᠬᠤ᠂ ᠬᠡᠪᠡᠯᠢ ᠶᠢᠨ ᠬᠡᠰᠡᠭ ᠤᠨ ᠪᠤᠳᠤᠭᠲᠤ ᠬᠡᠲᠦ ᠳᠣᠯᠭᠢᠶᠠᠨ ᠤ ᠪᠠᠶᠢᠴᠠᠭᠠᠯᠲᠠ ᠬᠢᠭᠰᠡᠨ ᠤ ᠳᠠᠷᠠᠭ᠎ᠠ ᠰᠠᠶ᠋ᠢ ᠬᠤᠭᠤᠯᠠ ᠢᠳᠡᠵᠦ ᠪᠣᠯᠣᠨ᠎ᠠ ︵ᠰᠢᠯᠭᠠᠭᠰᠠᠳ ᠡᠳᠦᠷ ᠪᠦᠷᠢ ᠶᠢᠨ ᠦᠳᠡ ᠶᠢᠨ ᠡᠮᠦᠨ᠎ᠡ 8᠄ 30 ᠠᠴᠠ ᠡᠮᠦᠨ᠎ᠡ ᠴᠢᠰᠤ ᠠᠪᠬᠤ ᠪᠠ B ᠬᠡᠲᠦ ᠳᠣᠯᠭᠢᠶᠠᠨ ᠤ ᠪᠠᠶᠢᠴᠠᠭᠠᠯᠲᠠ ᠬᠢᠵᠦ ᠲᠠᠭᠤᠰᠬᠤ ᠶᠢ ᠰᠠᠨᠠᠭᠤᠯᠤᠨ᠎ᠠ︶᠃ ᠪᠡᠶ᠎ᠡ ᠶᠢᠨ ᠪᠠᠶᠢᠴᠠᠭᠠᠯᠲᠠ ᠬᠢᠬᠦ ᠬᠤᠶᠠᠷ ᠡᠳᠦᠷ ᠤᠨ ᠡᠮᠦᠨ᠎ᠡ ᠠᠴᠠ ᠰᠠᠶᠢᠳᠤᠷ ᠠᠮᠠᠷᠠᠬᠤ ᠶᠢ ᠠᠩᠬᠠᠷᠴᠤ᠂ ᠬᠠᠷᠠᠰᠣ ᠢᠳᠡᠭᠡᠨ ᠤᠮᠳᠠᠭᠠᠨ  ᠢᠳᠡᠵᠦ᠂ ᠠᠷᠢᠬᠢ ᠤᠤᠭᠤᠵᠤ ᠲᠠᠮᠠᠬᠢ ᠲᠠᠲᠠᠵᠤ ᠪᠣᠯᠬᠤ ᠦᠭᠡᠢ᠃   ︵ᠬᠤᠶᠠᠷ︶ ᠡᠮᠡᠭᠲᠡᠢ ᠰᠢᠯᠭᠠᠭᠰᠠᠳ ᠰᠠᠷ᠎ᠠ ᠶᠢᠨ ᠭᠬᠢᠷ ᠤᠨ ᠬᠤᠭᠤᠴᠠᠭᠠᠨ ᠳᠤ ᠪᠠᠶᠢᠪᠠᠯ ᠰᠢᠭᠡᠰᠦᠨ ᠤ ᠪᠠᠶᠢᠴᠠᠭᠠᠯᠲᠠ ᠬᠢᠵᠦ ᠪᠣᠯᠬᠤ ᠦᠭᠡᠢ᠂ ᠰᠠᠷ᠎ᠠ ᠶᠢᠨ ᠭᠬᠢᠷ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠨᠥᠬᠦᠵᠦ ᠪᠠᠶᠢᠴᠠᠭᠠᠨ᠎ᠠ︔ ᠨᠢᠭᠡᠨᠳᠡ ᠵᠢᠷᠮᠦᠰᠦᠯᠡᠭᠰᠡᠨ ᠪᠤᠶᠤ ᠵᠢᠷᠮᠦᠰᠦᠯᠡᠭᠰᠡᠨ ᠪᠣᠯᠣᠯᠴᠠᠭ᠎ᠠ ᠲᠠᠢ ᠪᠠᠶᠢᠪᠠᠯ᠂ ᠤᠷᠢᠳ ᠢᠶᠠᠷ ᠡᠮᠴᠢ ᠰᠤᠪᠢᠯᠠᠭᠴᠢ ᠳᠤ ᠬᠡᠯᠡᠬᠦ ᠬᠡᠷᠡᠭᠳᠠᠢ᠂ ᠪᠢᠳᠡᠬᠡᠢ X ᠰᠠᠴᠤᠷᠠᠭ ᠤᠨ ᠪᠠᠶᠢᠴᠠᠭᠠᠯᠲᠠ ᠬᠢᠬᠡᠷᠡᠢ᠃   ︵ᠭᠤᠷᠪᠠ︶ ᠡᠮᠴᠢ ᠲᠠᠢ ᠬᠠᠮᠵᠢᠯᠴᠠᠵᠤ ᠪᠠᠶᠢᠭᠠᠳ ᠪᠥᠬᠦ ᠲᠥᠷᠥᠯ ᠵᠦᠢᠯ ᠢ ᠨᠠᠷᠢᠨ ᠬᠢᠨᠠᠮᠠᠭᠠᠢ ᠪᠠᠶᠢᠴᠠᠭᠠᠬᠤ ᠬᠡᠷᠡᠭᠲᠡᠢ᠂ ᠪᠢᠳᠡᠬᠡᠢ ᠪᠠᠶᠢᠴᠠᠭᠠᠯᠲᠠ ᠶᠢ ᠤᠷᠬᠢᠭᠳᠠᠭᠤᠯᠤᠭᠠᠷᠠᠢ᠃ ᠬᠡᠷᠪᠡ ᠦᠪᠡᠷ ᠢᠶᠠᠨ ᠶᠠᠮᠠᠷ ᠨᠢᠭᠡᠨ ᠪᠠᠶᠢᠴᠠᠭᠠᠯᠲᠠ  ᠶᠢ ᠬᠢᠬᠦ ᠦᠭᠡᠢ ᠪᠠᠷ ᠦᠩᠭᠡᠷᠡᠪᠡᠯ᠂ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠨᠥᠯᠥᠭᠡᠯᠡᠬᠦ ᠪᠣᠯᠣᠨ᠎ᠠ᠃   ︵ᠳᠥᠷᠪᠡ︶ ᠪᠡᠶ᠎ᠡ ᠶᠢᠨ ᠪᠠᠶᠢᠴᠠᠭᠠᠯᠲᠠ ᠬᠢᠬᠦ ᠬᠦᠰᠦᠨᠦᠭᠲᠦ ᠶᠢᠨ ᠬᠤᠶᠠᠳᠤᠭᠠᠷ ᠨᠢᠭᠤᠷ ᠢ ᠰᠢᠯᠭᠠᠭᠰᠠᠳ ᠥᠪᠡᠷ ᠢᠶᠠᠨ ᠲᠠᠭᠯᠠᠨ ᠪᠢᠴᠢᠨ᠎ᠡ ︵ᠬᠠᠷ᠎ᠠ ᠥᠩᠭᠡ ᠶᠢᠨ ᠭᠠᠷ ᠤᠨ ᠥᠰᠥᠭ ᠵᠢᠷᠤᠬᠤ ᠪᠢᠷ ᠪᠤᠶᠤ ᠪᠣᠯᠣᠳ ᠪᠢᠷ ᠢ ᠬᠡᠷᠡᠭᠯᠡᠨ᠎ᠡ︶᠂ ᠥᠰᠥᠭ ᠮᠦᠷ ᠲᠣᠳᠣᠷᠬᠠᠢ᠂ ᠪᠠᠯᠠᠯᠤᠨ ᠵᠠᠰᠠᠭᠰᠠᠨ ᠦᠭᠡᠢ ᠪᠠᠶᠢᠬᠤ ᠬᠡᠷᠡᠭᠳᠠᠢ᠂ ᠡᠪᠡᠳᠴᠢᠨ ᠤ ᠲᠡᠦᠬᠡ ᠶᠢᠨ ᠬᠡᠰᠡᠭ ᠢ ᠦᠨᠡᠨ ᠪᠣᠳᠠᠲᠠᠢ ᠪᠠᠷ᠂ ᠵᠦᠢᠯ ᠳᠠᠷᠠᠭᠠᠯᠠᠨ ᠲᠠᠭᠯᠠᠨ ᠪᠢᠴᠢᠬᠦ ᠬᠡᠷᠡᠭᠲᠡᠢ᠂ ᠣᠷᠬᠢᠭᠳᠠᠭᠤᠯᠵᠤ ᠪᠣᠯᠬᠤ ᠦᠭᠡᠢ᠃   ︵ᠲᠠᠪᠤ︶ ᠬᠤᠪᠢ ᠬᠥᠮᠥᠨ ᠤ ᠰᠢᠯᠲᠠᠭᠠᠨ ᠠᠴᠠ ᠪᠣᠯᠵᠤ ᠰᠢᠯᠭᠠᠭᠰᠠᠳ ᠲᠤᠬᠠᠢ ᠶᠢᠨ ᠲᠠᠯᠠᠪᠤᠷ ᠲᠤ ᠴᠠᠭ ᠲᠠᠭᠠᠨ ᠬᠦᠷᠴᠦ ᠪᠡᠶ᠎ᠡ ᠶᠢᠨ ᠬᠢᠷᠢ ᠬᠡᠮ ᠤᠨ ᠪᠠᠶᠢᠴᠠᠭᠠᠯᠲᠠ ᠪᠠ ᠪᠡᠶ᠎ᠡ ᠶᠢᠨ ᠪᠠᠶᠢᠴᠠᠭᠠᠯᠲᠠ ᠬᠢᠭᠰᠡᠨ ᠦᠭᠡᠢ ᠪᠤᠯ ᠪᠡᠶ᠎ᠡ ᠶᠢᠨ ᠪᠠᠶᠢᠴᠠᠭᠠᠯᠲᠠ ᠬᠢᠬᠦ ᠬᠢᠷᠢ ᠬᠡᠮ ᠢᠶᠠᠨ ᠬᠠᠶᠠᠭᠰᠠᠨ ᠢᠶᠠᠷ ᠪᠤᠳᠤᠨ᠎ᠠ᠃   ᠯᠠᠪᠯᠠᠬᠤ ᠤᠲᠠᠰᠤ᠄ 0475 ︱ 7226445
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号