ᠶᠣᠣ ᠼᠠᠢ ᠶᠠᠨ ᠪᠦᠯᠭᠦᠮ ᠳᠠᠭᠠᠭᠤᠯᠤᠨ ᠶᠠᠩᠵᠸᠦ ᠶᠢᠨ ᠵᠢᠷᠤᠭ ᠤᠨ ᠬᠦᠷᠢᠶᠡᠯᠡᠩ ᠳᠤ ᠬᠦᠷᠴᠦ ᠰᠣᠯᠢᠯᠴᠠᠨ ᠰᠤᠷᠤᠯᠴᠠᠪᠠ
ᠨᠡᠶᠢᠲᠡᠯᠡᠭᠰᠡᠨ ᠴᠠᠭ᠄
2023/4/25
     4 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠣᠣ ᠼᠠᠢ ᠶᠠᠨ ᠵᠠᠷᠤᠳ ᠪᠠᠷ ᠵᠢᠷᠤᠭ ᠤᠨ ᠬᠦᠷᠢᠶᠡᠯᠡᠩ ᠤᠨ ᠵᠢᠷᠤᠭᠴᠢᠳ ᠢ ᠳᠠᠭᠠᠭᠤᠯᠤᠨ ᠶᠠᠩᠵᠸᠤ ᠶᠢᠨ ᠵᠢᠷᠤᠭ ᠤᠨ ᠬᠦᠷᠢᠶᠡᠯᠡᠩ ᠳᠤ ᠬᠦᠷᠴᠦ ᠰᠣᠯᠢᠯᠴᠠᠨ ᠰᠤᠷᠤᠯᠴᠠᠪᠠ᠃ ᠠᠵᠢᠯᠯᠠᠭ᠎ᠠ ᠶᠢᠨ ᠳᠤᠮᠳᠠ᠂ ᠶᠣᠣ ᠼᠠᠢ ᠶᠠᠨ ᠬᠠᠮᠳᠤ ᠶᠠᠪᠤᠭᠰᠠᠳ ᠲᠠᠢ ᠪᠠᠨ ᠤᠷᠢᠳ ᠬᠤᠵᠢᠳ ︽ᠶᠠᠩᠵᠸᠤ ᠶᠢᠨ ᠤᠷᠠᠨ ᠵᠢᠷᠤᠭ ᠤᠨ ᠪᠦᠲᠦᠭᠡᠯ ᠤᠨ ᠤᠷᠢᠯᠭ᠎ᠠ ᠶᠢᠨ ᠦᠵᠡᠭᠦᠯᠦᠯᠭᠡ︾ ︽2022 ᠵᠢᠶᠠᠩᠰᠤ ᠶᠢᠨ ᠠᠬᠤᠢ ᠤᠷᠠᠨ ᠵᠢᠷᠤᠭ ᠤᠨ ᠪᠦᠲᠦᠭᠡᠯ ᠤᠨ ᠤᠷᠢᠯᠭ᠎ᠠ ᠶᠢᠨ ᠦᠵᠡᠭᠦᠯᠦᠯᠭᠡ︾ ᠶᠢ ᠲᠣᠭᠤᠷᠢᠨ ᠦᠵᠡᠪᠡ᠃ ᠡᠭᠦᠨ ᠤ ᠬᠠᠮᠲᠤ ᠶᠠᠩᠵᠸᠦ ᠶᠢᠨ ᠤᠷᠠᠨ ᠵᠢᠷᠤᠭ ᠤᠨ ᠨᠡᠶᠢᠭᠡᠮᠯᠢᠭ ᠤᠨ ᠲᠡᠷᠢᠭᠦᠯᠡᠭᠴᠢ᠂ ᠶᠠᠩᠵᠸᠦ ᠶᠢᠨ ᠵᠢᠷᠤᠭ ᠤᠨ ᠬᠦᠷᠢᠶᠡᠯᠡᠩ ᠤᠨ ᠳᠠᠷᠤᠭ᠎ᠠ ᠠᠨ ᠢᠦᠢ ᠮᠢᠨ ᠤ ᠪᠥᠬᠦ ᠤᠯᠤᠰ ᠤᠨ ᠤᠷᠠᠨ ᠵᠢᠷᠤᠭ ᠤᠨ ᠵᠣᠬᠢᠶᠠᠨ ᠪᠦᠲᠦᠭᠡᠯᠭᠡ ᠶᠢᠨ ᠬᠥᠭᠵᠢᠯᠲᠡ ᠶᠢᠨ ᠬᠠᠨᠳᠤᠰᠢ᠂  ᠪᠠᠷ ᠵᠢᠷᠤᠭ ᠤᠨ ᠵᠣᠬᠢᠶᠠᠨ ᠪᠦᠲᠦᠭᠡᠯᠭᠡ ᠶᠢᠨ ᠤᠷ᠎ᠠ ᠮᠡᠷᠭᠡᠵᠢᠯ ᠵᠡᠷᠭᠡ ᠠᠭᠤᠯᠭ᠎ᠠ ᠶᠢᠨ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠬᠦ ᠶᠢ ᠰᠣᠨᠣᠰᠴᠤ᠂ ᠵᠠᠷᠤᠳ ᠪᠠᠷ ᠵᠢᠷᠤᠭ ᠤᠨ ᠪᠦᠲᠦᠭᠡᠯ ᠳᠤ ᠭᠦᠨᠵᠡᠭᠡᠢ ᠵᠠᠳᠠᠯᠤᠯᠲᠠ ᠬᠢᠵᠦ᠂ ᠵᠠᠷᠤᠳ ᠪᠠᠷ ᠵᠢᠷᠤᠭ ᠤᠨ ᠬᠥᠭᠵᠢᠯᠲᠡ ᠶᠢᠨ ᠲᠡᠦᠬᠡ ᠵᠢᠴᠢ ᠤᠯᠠᠮᠵᠢᠯᠠᠯ ᠤᠨ ᠰᠤᠳᠠᠰᠤ ᠶᠢ ᠰᠢᠨᠵᠢᠯᠡᠨ ᠰᠤᠳᠤᠯᠪᠠ᠃      
微信图片_20230425094342.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号