ᠹᠠᠩ ᠢᠦᠢ ᠳ᠋ᠦᠩ ᠵᠠᠷᠤᠳ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠣᠯᠪᠠ
ᠨᠡᠶᠢᠲᠡᠯᠡᠭᠰᠡᠨ ᠴᠠᠭ᠄
2023/4/25
    4 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠠᠩ ᠢᠦᠢ ᠳ᠋ᠦᠩ ᠵᠠᠷᠤᠳ ᠬᠤᠰᠢᠭᠤᠨ ᠳᠤ ᠭᠦᠨᠵᠡᠭᠡᠶᠢᠷᠡᠨ ᠬᠦᠳᠡᠭᠡ ᠲᠣᠰᠬᠤᠨ ᠮᠠᠯᠵᠢᠬᠤ ᠣᠷᠣᠨ ᠤ ᠠᠵᠤ ᠠᠬᠤᠢ ᠶᠢᠨ ᠠᠵᠢᠯ ᠪᠠ ᠨᠡᠶᠢᠭᠡᠮ ᠤᠨ ᠵᠠᠰᠠᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃    ᠵᠠᠷᠤᠳ ᠬᠤᠰᠢᠭᠤᠨ ᠤ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠡᠪᠡᠰᠦᠨ ᠦᠷ᠎ᠡ ᠶᠢ ᠥᠷᠭᠡᠳᠬᠡᠨ ᠲᠠᠷᠢᠬᠤ ᠰᠠᠭᠤᠷᠢᠨ ᠭᠠᠵᠠᠷ᠂ ᠪᠸᠢ ᠹᠠᠩ ᠢᠳᠡᠭᠡᠨ ᠤ ᠬᠢᠵᠠᠭᠠᠷᠲᠤ ᠺᠣᠮᠫᠠᠨᠢ᠂ ᠰᠢᠨ᠎ᠡ ᠣᠢ ᠰᠢᠭᠤᠢ ᠲᠠᠷᠢᠶᠠᠯᠠᠩ ᠤᠨ ᠲᠤᠰᠬᠠᠢ ᠲᠠᠷᠢᠮᠠᠯ ᠤᠨ ᠬᠤᠷᠰᠢᠶ᠎ᠠ᠂ ᠬᠤᠩ ᠴᠧᠩ ᠲᠡᠵᠢᠭᠡᠪᠦᠷᠢ ᠶᠢᠨ ᠲᠤᠰᠬᠠᠢ ᠬᠤᠷᠰᠢᠶ᠎ᠠ ᠳᠤ᠂ ᠹᠠᠩ ᠢᠦᠢ ᠳ᠋ᠦᠩ ᠴᠢᠬᠤᠯᠠᠴᠢᠯᠠᠭᠰᠠᠨ ᠨᠢ᠂ ᠲᠡᠵᠢᠭᠡᠯ ᠡᠪᠡᠰᠦᠨ ᠤ ᠰᠠᠭᠤᠷᠢᠨ ᠭᠠᠵᠠᠷ᠂ ᠬᠡᠪᠴᠢᠶᠡᠵᠢᠭᠦᠯᠦᠨ ᠲᠡᠵᠢᠭᠡᠬᠦ᠂ ᠡᠭᠦᠯᠳᠡᠷ ᠰᠠᠶᠢᠵᠢᠷᠠᠭᠤᠯᠤᠨ ᠰᠢᠯᠢᠳᠡᠭᠵᠢᠭᠦᠯᠬᠦ᠂ ᠡᠪᠡᠰᠦᠨ ᠦᠷ᠎ᠡ ᠤ ᠲᠥᠷᠥᠯ ᠢ ᠥᠷᠭᠡᠳᠬᠡᠨ ᠲᠠᠷᠢᠬᠤ ᠵᠡᠷᠭᠡ ᠰᠢᠰᠲ᠋ᠧᠮ ᠢ ᠬᠦᠴᠦᠯᠡᠨ ᠪᠠᠶᠢᠭᠤᠯᠬᠤ ᠳᠡᠭᠡᠷ᠎ᠡ ᠬᠦᠴᠦ ᠲᠠᠯᠪᠢᠵᠤ᠂ ᠲᠡᠵᠢᠭᠡᠯ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠲᠦᠷᠦ ᠶᠢᠨ ᠪᠣᠳᠣᠯᠭ᠎ᠠ ᠶᠢ ᠢᠳᠡᠪᠬᠢᠲᠡᠢ ᠳᠡᠯᠭᠡᠷᠡᠭᠦᠯᠵᠦ᠂ ᠠᠯᠠᠰᠢᠨ ᠦᠬᠡᠷ ᠲᠡᠵᠢᠭᠡᠬᠦ ᠥᠪᠡᠷ ᠤᠨ ᠦᠷᠳᠡᠭ ᠢ ᠪᠠᠭᠤᠷᠠᠭᠤᠯᠤᠨ᠂ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠬᠤ ᠠᠵᠢᠯ ᠢ ᠪᠣᠳᠠᠲᠠᠢ  ᠠᠳᠬᠤᠬᠤ ᠲᠠᠯ᠎ᠠ ᠪᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠲᠠᠷᠢᠶᠠᠯᠠᠩ ᠬᠥᠳᠡᠭᠡ ᠲᠣᠰᠬᠤᠨ ᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ ᠭᠡᠪᠡ᠃    ᠵᠠᠷᠤᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠭᠠᠭ᠋ᠠᠶᠢᠲᠤ ᠰᠢᠭᠦᠬᠦ ᠲᠢᠩᠬᠢᠮ ᠳᠤ᠂ ᠹᠠᠩ ᠢᠦᠢ ᠳ᠋ᠦᠩ ᠴᠢᠬᠤᠯᠠᠴᠢᠯᠠᠭᠰᠠᠨ ᠨᠢ᠂ ᠠᠷᠠᠳ ᠤᠨ ᠰᠢᠭᠦᠬᠦ ᠲᠢᠩᠬᠢᠮ ᠪᠣᠯ ᠰᠢᠭᠦᠬᠦ ᠬᠤᠷᠢᠶᠠᠨ ᠤ ᠠᠷᠠᠳ ᠤᠨ ᠲᠥᠯᠥᠭᠡ ᠬᠠᠤᠯᠢ ᠪᠠᠷᠢᠬᠤ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠮᠥᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠬᠦ᠂ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ ᠪᠠᠲᠤᠯᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠳᠤ ᠢᠳᠡᠪᠬᠢᠲᠡᠢ ᠪᠠᠷ ᠠᠭᠤᠰᠤᠯᠴᠠᠭᠤᠯᠵᠤ᠂ ᠵᠠᠷᠭᠤ ᠶᠢᠨ ᠢᠷᠡᠯᠲᠡ ᠠᠴᠠ ᠨᠢ ᠵᠠᠰᠠᠬᠤ ᠶᠢ ᠴᠢᠩᠭᠠᠳᠬᠠᠨ ᠴᠢᠬᠤᠯᠠᠴᠢᠯᠠᠵᠤ ᠂ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠶᠢᠨ ᠠᠵᠢᠯ ᠤᠨ ᠵᠣᠯᠭᠠᠯᠴᠠᠭ᠎ᠠ ᠶᠢ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠵᠠᠭᠠᠯᠳᠤᠬᠤ ᠠᠴᠠ ᠡᠮᠦᠨ᠎ᠡ ᠠᠷᠢᠯᠭᠠᠵᠤ᠂ ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠤᠯᠠᠨ ᠲᠦᠮᠡᠨ ᠤ ᠬᠦᠴᠢᠷ ᠵᠣᠪᠠᠭᠤᠷᠢ ᠶᠢ ᠨᠡᠩ ᠰᠠᠶᠢᠲᠤᠷ ᠰᠢᠢᠳᠪᠦᠷᠢᠯᠡᠵᠦ ᠥᠭᠬᠦ ᠪᠠᠷ ᠴᠢᠷᠮᠠᠶᠢᠬᠤ ᠬᠡᠷᠡᠭᠲᠡᠢ ᠭᠡᠪᠡ᠃   
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号