| | 4 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠣᠶ ᠰᠢᠭᠤᠢ ᠬᠢᠭᠡᠳ ᠣᠷᠴᠢᠨ ᠲᠣᠭᠤᠷᠢᠨ ᠢ | ᠠᠬᠢᠭᠤᠯᠬᠤ ᠨᠡᠶᠢᠭᠡᠮᠯᠢᠭ ᠤᠨ ᠠᠮᠢ ᠠᠬᠤᠢ ᠶᠢᠨ ᠢᠨᠵᠧᠨᠧᠷᠢᠩ ᠤᠨ ᠬᠤᠪᠢᠶᠠᠷᠢ ᠨᠡᠶᠢᠭᠡᠮᠯᠢᠭ ᠤᠨ ᠬᠠᠮᠢᠶ᠎ᠠ ᠪᠦᠬᠦᠢ | ᠲᠤᠰᠬᠠᠢ ᠮᠡᠷᠭᠡᠵᠢᠯᠲᠡᠳ ᠤᠨ ᠣᠯᠠᠨ ᠡᠭᠡᠯᠵᠢ ᠶᠢᠨ ᠪᠠᠷᠢᠮᠵᠢᠶ᠎ᠠ ᠳᠤ ᠨᠡᠶᠢᠴᠡᠬᠦᠢ ᠴᠢᠨᠠᠷ ᠤᠨ ᠦᠨᠡᠯᠡᠯᠲᠡ ᠪᠠᠷ ᠳᠡᠮᠵᠢᠨ᠂ | ᠵᠠᠷᠤᠳ ᠬᠤᠰᠢᠭᠤᠨ ᠤ ᠵᠠᠬᠠᠨᠠᠭᠤᠷ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠳᠠᠭᠠᠢ ᠠᠭᠤᠷᠬᠠᠢ | ᠨᠢ ︽ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠨᠢᠭᠡᠴᠡ︾ ︽ | ᠪᠥᠬᠦ ᠤᠯᠤᠰ ᠤᠨ ᠠᠭᠤᠷᠬᠠᠢ ᠶᠢᠨ ᠠᠮᠢ ᠠᠬᠤᠢ ᠶᠢ ᠰᠡᠷᠭᠦᠭᠡᠭᠰᠡᠨ ᠵᠢᠱᠢᠶ᠎ᠡ ᠦᠵᠡᠭᠦᠯᠬᠦ ᠢᠨᠵᠧᠨᠧᠷᠢᠩ︾ ᠤᠨ | ᠨᠡᠷᠡᠰ ᠲᠤ ᠵᠢᠭᠰᠠᠭᠠᠭᠳᠠᠪᠠ︔ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠢᠨᠵᠧᠨᠧᠷ ᠨᠢ ᠲᠣᠰ | ᠪᠦᠷᠢ ︽ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠳᠠᠭᠠᠭᠤᠯᠤᠭᠴᠢ︾ ︽ᠪᠥᠬᠦ ᠤᠯᠤᠰ ᠤᠨ ᠠᠮᠢ | ᠠᠬᠤᠢ ᠶᠢᠨ ᠰᠡᠷᠭᠦᠭᠡᠯᠲᠡ ᠶᠢ ᠪᠠᠷᠢᠮᠵᠢᠶ᠎ᠠ ᠳᠤ ᠬᠦᠷᠭᠡᠭᠰᠡᠨ ᠭᠠᠷᠮᠠᠭᠠᠢ ᠢᠨᠵᠧᠨᠧᠷ︾ ᠤᠨ ᠢᠷᠠᠭᠤ ᠠᠯᠳᠠᠷ ᠢ | ᠭᠥᠷᠳᠡᠪᠡ᠃ | | | ᠣᠶᠢᠷ᠎ᠠ ᠶᠢᠨ ᠵᠢᠯ ᠳᠤ᠂ ᠲᠤᠰ ᠠᠭᠤᠷᠬᠠᠢ ᠨᠢ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠢᠳᠡᠪᠬᠢᠲᠡᠢ | ᠳᠠᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠨᠡᠭᠡᠭᠡᠨ ᠠᠰᠢᠭᠯᠠᠵᠤ᠂ ᠨᠤᠲᠤᠭ ᠪᠡᠯᠴᠢᠭᠡᠷ ᠤᠨ ᠠᠮᠢ | ᠠᠬᠤᠢ ᠶᠢᠨ ᠲᠡᠩᠴᠡᠭᠦᠷᠢ ᠶᠢ ᠬᠠᠮᠠᠭᠠᠯᠠᠨ᠂ ᠮᠠᠨ ᠤ ᠤᠯᠤᠰ ᠤᠨ ᠥᠨᠳᠥᠷ ᠬᠦᠢᠲᠡᠨ ᠭᠠᠵᠠᠷ ᠣᠷᠣᠨ ᠤ ᠪᠣᠬᠢᠷᠲᠤᠯ | ᠦᠭᠡᠢ ᠠᠭᠤᠷᠬᠠᠢ ᠶᠢᠨ ᠬᠡᠪ ᠳᠠᠭᠤᠷᠢᠶᠠᠯ ᠢ ᠪᠤᠶ ᠪᠣᠯᠭᠠᠬᠤ︾ ᠪᠠᠷ ᠬᠠᠷᠠᠯᠲᠠ ᠪᠣᠯᠭᠠᠵᠤ᠂ ᠨᠡᠭᠡᠭᠡᠨ ᠮᠠᠯᠲᠠᠬᠤ ᠶᠢᠨ | ᠳᠠᠭᠠᠤ ᠵᠠᠰᠠᠬᠤ᠂ ᠰᠡᠯᠪᠢᠨ ᠵᠠᠰᠠᠬᠤ ᠶᠢᠨ ᠳᠠᠭᠠᠤ᠂ ᠠᠷᠠᠴᠢᠯᠠᠨ ᠬᠠᠮᠠᠭᠠᠯᠠᠬᠤ ᠠᠮᠢ ᠠᠬᠤᠢ ᠶᠢ ᠰᠡᠷᠭᠦᠭᠡᠬᠦ ᠵᠠᠷᠴᠢᠮ ᠢ | ᠪᠠᠷᠢᠮᠲᠠᠯᠠᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠲᠦᠯᠬᠢᠨ | ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢᠨ ᠠᠭᠤᠯᠣᠭᠳᠠᠬᠤᠨ ᠢ | ᠦᠢᠯᠡᠳᠪᠦᠷᠢᠯᠡᠯ ᠡᠵᠡᠩᠨᠡᠯᠲᠡ ᠶᠢᠨ ᠪᠥᠬᠦ ᠶᠠᠪᠤᠴᠠ ᠳᠤ ᠦᠨᠡᠨᠬᠦ ᠲᠤᠤᠱᠯᠠᠭᠤᠯᠤᠨ᠂ ᠬᠥᠷᠥᠰᠥ ᠰᠢᠷᠣᠢ ᠶᠢ ᠪᠣᠴᠠᠭᠠᠨ | ᠤᠭ ᠳᠥᠷᠰᠦ ᠶᠢ ᠰᠡᠷᠭᠦᠭᠡᠬᠦ᠂ ᠬᠥᠷᠥᠰᠥ ᠰᠢᠷᠣᠢ ᠶᠢ ᠬᠠᠮᠠᠭᠠᠯᠠᠬᠤ᠂ ᠬᠥᠷᠥᠰᠥ ᠰᠢᠷᠣᠢ ᠶᠢ ᠰᠠᠶᠢᠵᠢᠷᠠᠭᠤᠯᠬᠤ᠂ | ᠤᠷᠭᠤᠮᠠᠯ ᠤᠨ ᠬᠤᠴᠢᠯᠭ᠎ᠠ ᠶᠢ ᠳᠠᠬᠢᠨ ᠪᠠᠶᠢᠭᠤᠯᠬᠤ᠂ ᠰᠦᠷᠴᠢᠨ ᠤᠰᠤᠯᠠᠬᠤ ᠵᠢᠴᠢ ᠠᠷᠠᠴᠢᠯᠠᠨ ᠬᠠᠮᠠᠭᠠᠯᠠᠵᠤ | ᠬᠠᠮᠢᠶᠠᠷᠤᠨ ᠬᠠᠮᠠᠭᠠᠯᠠᠬᠤ ᠵᠡᠷᠭᠡ ᠵᠢᠷᠭᠤᠭᠠᠨ ᠶᠡᠭᠡ ᠠᠮᠢ ᠠᠬᠤᠢ ᠶᠢ ᠰᠡᠷᠭᠦᠭᠡᠨ ᠵᠠᠰᠠᠬᠤ ᠢᠨᠵᠧᠨᠧᠷᠢᠩ ᠢ ᠥᠨᠳᠥᠷ | ᠪᠠᠷᠢᠮᠵᠢᠶ᠎ᠠ ᠪᠠᠷ ᠦᠷᠨᠢᠭᠦᠯᠪᠡ᠂ ᠠᠮᠢ ᠠᠬᠤᠢ ᠶᠢ ᠰᠡᠷᠭᠦᠭᠡᠨ ᠵᠠᠰᠠᠬᠤ ᠳᠤ ᠨᠡᠶᠢᠲᠡ 6.07 ᠳ᠋ᠦᠩᠰᠢᠭᠤᠷ ᠲᠥᠭᠦᠷᠢᠭ | ᠪᠡᠯᠡ ᠣᠷᠣᠭᠤᠯᠵᠤ᠂ 2.4 ᠲᠦᠮᠡᠨ ᠮᠦ ᠭᠠᠵᠠᠷ ᠢ ᠰᠡᠷᠭᠦᠭᠡᠪᠡ᠃ ᠣᠳᠣᠬᠠᠨ ᠳᠤ᠂ ᠰᠢᠷᠣᠢ ᠭᠠᠳᠠᠭᠰᠢᠯᠠᠭᠤᠯᠬᠤ | ᠲᠠᠯᠠᠪᠠᠶ ᠶᠢᠨ ᠤᠷᠭᠤᠮᠠᠯ ᠤᠨ ᠬᠤᠴᠢᠯᠭ᠎ᠠ 90% ᠬᠦᠷᠴᠦ᠂ ᠪᠦᠬᠦ ᠤᠯᠤᠰ ᠤᠨ ᠨᠤᠲᠤᠭ ᠪᠡᠯᠴᠢᠭᠡᠷ ᠤᠨ | ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠠᠴᠠ 34% ᠥᠨᠳᠥᠷ ᠪᠠᠶᠢᠵᠤ᠂ ᠲᠣᠬᠢᠷᠠᠮᠵᠢᠲᠠᠢ᠂ ᠲᠣᠭᠲᠠᠪᠤᠷᠢᠲᠠᠢ | ᠤᠷᠭᠤᠮᠠᠯ ᠤᠨ ᠪᠦᠯᠦᠭᠯᠡᠯ ᠪᠣᠯᠵᠤ᠂ ᠡᠷᠬᠢᠨ ᠲᠣᠭᠤᠷᠢᠨ ᠤ ᠨᠤᠲᠤᠭ ᠪᠡᠯᠴᠢᠭᠡᠷ ᠯᠦᠭᠡ ᠲᠣᠭᠲᠠᠪᠤᠷᠢᠲᠠᠢ ᠠᠮᠢ | ᠠᠬᠤᠢ ᠶᠢᠨ ᠬᠤᠩᠭᠢᠯ ᠪᠣᠯᠤᠨ ᠪᠦᠷᠢᠯᠳᠦᠵᠦ᠂ ︽ᠭᠠᠵᠠᠷ ᠬᠡᠷᠡᠭᠯᠡᠬᠦ _ ᠠᠭᠤᠷᠬᠠᠢ ᠮᠠᠯᠲᠠᠬᠤ _ ᠳᠠᠬᠢᠨ | ᠬᠠᠭᠠᠯᠪᠤᠷᠢᠯᠠᠬᠤ _ ᠭᠠᠵᠠᠷ ᠢ ᠪᠤᠴᠠᠭᠠᠬᠤ︾ ᠪᠦᠷᠢᠨ ᠪᠦᠲᠦᠨ ᠡᠷᠭᠢᠯᠲᠡ ᠶᠢ ᠪᠡᠶᠡᠯᠡᠭᠦᠯᠪᠡ᠂ 1517 ᠾᠧᠺᠲ᠋ᠠᠷ | ᠭᠠᠵᠠᠷ ᠢ ᠪᠤᠴᠠᠭᠠᠬᠤ ᠬᠡᠯᠡᠯᠴᠡᠭᠡᠷ ᠲᠣᠭᠲᠠᠭᠠᠵᠤ᠂ 2.3 ᠲᠦᠮᠡᠨ ᠮᠦ ᠰᠢᠷᠣᠢ ᠭᠠᠳᠠᠭᠰᠢᠯᠠᠭᠤᠯᠬᠤ ᠲᠠᠯᠠᠪᠠᠶ ᠶᠢ ᠲᠠᠯ᠎ᠠ | ᠨᠤᠲᠤᠭ ᠤᠨ ᠰᠢᠨ᠎ᠡ ᠮᠠᠯᠵᠢᠯ ᠤᠨ ᠲᠠᠯᠠᠪᠠᠶ ᠪᠣᠯᠭᠠᠨ ᠬᠤᠪᠢᠷᠠᠭᠤᠯᠵᠤ᠂ ᠬᠡᠭᠡᠷ᠎ᠡ ᠶᠢᠨ ᠠᠮᠢᠲᠠᠨ ᠵᠠᠯᠭᠠᠭ᠎ᠠ ᠪᠠᠷ | ᠬᠠᠷᠠᠭᠳᠠᠵᠤ᠂ ᠪᠣᠬᠢᠷᠲᠤᠯ ᠦᠭᠡᠢ ᠠᠭᠤᠷᠬᠠᠢ ᠶᠢᠨ ︽ᠰᠢᠨ᠎ᠡ ᠠᠮᠢ ᠨᠠᠰᠤ︾ ᠢᠯᠡᠷᠡᠪᠡ᠂ 2019 ᠣᠨ ᠳᠤ | ᠨᠢᠭᠡᠨᠲᠡ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠨᠡᠷᠡᠰ ᠤᠨ ᠵᠢᠭᠰᠠᠭᠠᠯᠲᠠ ᠳᠤ | ᠣᠷᠣᠪᠠ᠃ | | | ᠳᠠᠷᠠᠭᠠᠴᠢ ᠶᠢᠨ ᠠᠯᠬᠤᠮ ᠳᠤ᠂ ᠲᠤᠰ ᠺᠣᠮᠫᠠᠨᠢ ᠤᠯᠤᠰ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠠᠯᠬᠤᠮ ᠢ ᠰᠠᠯᠤᠯ ᠦᠭᠡᠢ ᠳᠠᠭᠠᠵᠤ᠂ ᠪᠣᠬᠢᠷᠲᠤᠯ ᠦᠭᠡᠢ ᠠᠭᠤᠷᠬᠠᠢ ᠶᠢᠨ ᠪᠠᠶᠢᠭᠤᠯᠤᠯᠲᠠ ᠪᠠᠷ | ᠰᠢᠵᠢᠮ ᠪᠣᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠬᠠᠯᠬᠠᠪᠴᠢ ᠶᠢ ᠪᠠᠶᠢᠭᠤᠯᠵᠤ᠂ ᠨᠡᠩ | ᠦᠵᠡᠰᠬᠦᠯᠡᠩᠲᠦ ᠰᠠᠶᠢᠬᠠᠨ ᠡᠨᠧᠷᠭᠢ ᠶᠢᠨ ᠠᠵᠢᠯ ᠲᠦᠷᠦᠯ ᠤᠨ ᠦᠵᠡᠮᠵᠢ ᠶᠢᠨ ᠣᠷᠣᠨ ᠢ ᠪᠠᠶᠢᠭᠤᠯᠵᠤ᠂ ᠨᠣᠭᠤᠭᠠᠨ | ᠦᠩᠭᠡ ᠶᠢ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ ᠰᠡᠳᠬᠢᠯ ᠬᠥᠳᠡᠯᠭᠡᠮ᠎ᠡ ᠥᠩᠭᠡ ᠪᠣᠯᠭᠠᠬᠤ ᠪᠠᠷ | ᠴᠢᠷᠮᠠᠶᠢᠵᠤ ᠪᠠᠶᠢᠨ᠎ᠠ᠃ | | | | | |