| 4 ᠰᠠᠷ᠎ᠠ ᠶᠢᠨ 25 ᠤ ᠡᠳᠦᠷ᠂ ᠳᠡᠳ᠋ ᠬᠤᠲᠠ ᠶᠢᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠳᠠᠷᠤᠭ᠎ᠠ ᠸᠠᠩ ᠶᠦᠩ ᠵᠠᠷᠤᠳ ᠬᠤᠰᠢᠭᠤᠨ ᠳᠤ ᠢᠷᠡᠵᠦ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠬᠢᠵᠢᠭᠦᠯᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠶᠢᠨ ᠬᠠᠮᠲᠤ ᠰᠠᠭᠤᠳᠠᠯ ᠤᠨ | ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ | ᠲᠢᠶᠧ ᠮᠢᠨ ᠵᠢᠴᠢ ᠬᠤᠲᠠ᠂ ᠬᠤᠰᠢᠭᠤ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | ᠬᠤᠷᠠᠯ ᠠᠴᠠ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠶᠢᠨ | ᠠᠮᠤᠷ ᠲᠥᠪᠰᠢᠨ ᠢ ᠬᠠᠮᠠᠭᠠᠯᠠᠬᠤ ᠠᠵᠢᠯ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠪᠠᠲᠣᠯᠠᠬᠤ᠂ ᠠᠶᠤᠯᠭᠦᠢ | ᠦᠢᠯᠡᠳᠪᠦᠷᠢᠯᠡᠯ᠂ ᠴᠠᠬᠢᠯᠭᠠᠨ ᠬᠤᠯᠪᠣᠭ᠎ᠠ ᠰᠦᠯᠵᠢᠶᠡᠨ ᠢᠶᠠᠷ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ᠂ | ᠰᠠᠯᠠᠭ᠎ᠠ ᠮᠥᠴᠢᠷ ᠤᠳ ᠬᠠᠮᠵᠢᠯᠴᠠᠨ ᠬᠥᠳᠡᠯᠦᠯᠴᠡᠬᠦ᠂ ᠮᠢᠩᠭᠠᠨ ᠠᠷᠠᠳ ᠤᠨ ᠴᠠᠭᠳᠠᠭ᠎ᠠ ᠲᠣᠰᠬᠤᠨ ᠲᠠᠢ | ᠬᠤᠯᠪᠤᠭᠠᠯᠠᠨ ᠡᠷᠦᠬᠡ ᠳᠠᠭᠠᠭᠠᠴᠢᠯᠠᠬᠤ ᠵᠠᠭᠤᠷᠠᠯᠳᠤᠭᠠᠨ ᠢ ᠠᠷᠢᠯᠭᠠᠬᠤ ︽ᠵᠠᠭᠤᠨ ᠡᠳᠦᠷ ᠤᠨ ᠰᠢᠪᠳᠣᠯᠣᠯᠲᠠ︾ ᠶᠢᠨ | ᠲᠤᠰᠬᠠᠢ ᠠᠵᠢᠯᠯᠠᠭ᠎ᠠ ᠵᠡᠷᠭᠡ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠬᠢᠵᠢᠭᠦᠯᠬᠦ ᠳᠤ ᠬᠤᠯᠪᠣᠭᠳᠠᠭᠰᠠᠨ ᠠᠵᠢᠯ ᠤᠨ ᠪᠠᠶᠢᠳᠠᠯ ᠪᠠ ᠬᠤᠰᠢᠭᠤᠨ ᠤ ᠵᠠᠬᠢᠳᠠᠯ | ᠰᠣᠷᠪᠤᠯᠵᠢᠯᠠᠭ᠎ᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ | | | ᠸᠠᠩ ᠶᠦᠩ ᠵᠠᠷᠤᠳ ᠬᠤᠰᠢᠭᠤᠨ ᠤ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠪᠠᠬᠢᠵᠢᠭᠦᠯᠬᠦ ᠠᠵᠢᠯ ᠥᠷᠨᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ | ᠴᠢᠬᠤᠯᠠᠴᠢᠯᠠᠭᠰᠠᠨ ᠨᠢ᠂ ᠤᠯᠤᠰ ᠤᠨ ᠠᠮᠤᠷ ᠲᠦᠪᠰᠢᠨ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠵᠤ | ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠪᠣᠯ | ᠥᠪᠥᠷ ᠮᠣᠩᠭᠤᠯ ᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ᠎ᠠ᠃ ᠵᠠᠷᠤᠳ ᠬᠤᠰᠢᠭᠤᠨ ᠤ | ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠱᠠᠲᠤᠨ ᠤ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠠᠵᠢᠯ ᠢ | ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ | ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ | ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠢ ᠡᠵᠡᠮᠳᠡᠵᠦ᠂ ᠨᠠᠩ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ | ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠬᠠᠷᠠᠯᠲᠠ ᠪᠠᠷ | ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ | ᠠᠰᠠᠭᠤᠳᠠᠯ ᠤᠨ ᠪᠣᠶ ᠪᠣᠯᠤᠭᠰᠠᠨ ᠰᠢᠯᠲᠠᠭᠠᠨ ᠢ ᠨᠠᠷᠢᠨ ᠬᠢᠨᠠᠮᠠᠭᠠᠢ ᠰᠤᠳᠤᠯᠤᠨ ᠵᠠᠳᠠᠯᠵᠤ᠂ ᠬᠤᠰᠢᠭᠤᠨ ᠤ ᠪᠣᠳᠠᠲᠠᠢ | ᠪᠠᠶᠢᠳᠠᠯ ᠠᠴᠠ ᠡᠭᠦᠰᠴᠦ᠂ ᠣᠯᠠᠨ ᠲᠦᠮᠡᠨ ᠤ ᠠᠰᠢᠭ ᠲᠤᠰᠠ ᠠᠴᠠ ᠡᠭᠦᠰᠴᠦ᠂ ᠣᠯᠠᠨ ᠲᠦᠮᠡᠨ ᠤ ᠪᠠᠴᠢᠮ | ᠶᠠᠪᠤᠳᠠᠯ᠂ ᠬᠦᠴᠢᠷ ᠶᠠᠪᠤᠳᠠᠯ᠂ ᠪᠠᠭ᠎ᠠ ᠶᠠᠪᠤᠳᠠᠯ ᠨᠢᠭᠡᠪᠦᠷᠢ ᠶᠢ ᠰᠠᠶᠢᠲᠤᠷ ᠰᠢᠢᠳᠪᠦᠷᠢᠯᠡᠬᠦ᠂ ᠤᠮᠠᠷᠠᠲᠤ ᠬᠢᠯᠢ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠡᠯ᠎ᠡ ᠵᠦᠢᠯ ᠤᠨ ᠠᠵᠢᠯ ᠢ ᠢᠳᠡᠪᠬᠢᠲᠡᠢ ᠪᠥᠭᠡᠳ | ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠲᠤᠯᠠᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ ᠭᠡᠪᠡ᠃ | |