| 4 ᠰᠠᠷ᠎ᠠ ᠶᠢᠨ 24 ᠤ ᠡᠳᠦᠷ᠂ ᠦᠯᠵᠡᠶᠢᠮᠦ᠋ᠷᠡᠨ ᠰᠤᠮᠤ ᠣᠷᠴᠢᠨ ᠲᠣᠭᠤᠷᠢᠨ ᠤ ᠠᠷᠢᠭᠤᠨ ᠴᠡᠪᠡᠷ ᠢ | ᠴᠡᠭᠴᠡᠯᠡᠨ ᠵᠠᠰᠠᠭᠰᠠᠨ ᠪᠠᠶᠢᠳᠠᠯ ᠢ ᠱᠠᠭᠠᠷᠳᠠᠨ ᠪᠠᠶᠢᠴᠠᠭᠠᠬᠤ ᠠᠵᠢᠯ ᠥᠷᠨᠢᠭᠦᠯᠵᠦ᠂ ᠰᠠᠭᠤᠳᠠᠯ ᠤᠨ ᠬᠤᠷᠠᠯ ᠬᠢᠬᠦ᠂ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠰᠤᠷᠪᠤᠯᠵᠢᠯᠠᠨ ᠣᠶᠢᠯᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ | ᠠᠶᠢᠯ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠪᠠ ᠨᠣᠭᠤᠭᠠᠷᠠᠭᠤᠯᠤᠯᠲᠠ ᠶᠢᠨ ᠪᠠᠶᠢᠳᠠᠯ ᠢ ᠱᠠᠭᠠᠷᠳᠠᠨ | ᠪᠠᠶᠢᠴᠠᠭᠠᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠪᠠ ᠣᠯᠠᠨ ᠲᠦᠮᠡᠨ ᠳᠤ ᠰᠠᠶᠢᠨ ᠰᠠᠶᠢᠬᠠᠨ ᠣᠷᠴᠢᠨ | ᠲᠣᠭᠤᠷᠢᠨ ᠤ ᠠᠷᠢᠭᠤᠨ ᠴᠡᠪᠡᠷ ᠢ ᠪᠠᠲᠤᠯᠠᠬᠤ ᠶᠢᠨ ᠴᠢᠬᠤᠯᠠ ᠠᠴᠢ ᠬᠤᠯᠪᠣᠭᠳᠠᠯ ᠢ ᠤᠬᠠᠭᠤᠯᠤᠨ ᠲᠠᠶᠢᠯᠪᠤᠷᠢᠯᠠᠪᠠ᠃ | ᠡᠭᠦᠨ ᠤ ᠬᠠᠮᠲᠤ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ | ᠣᠯᠠᠨ ᠲᠦᠮᠡᠨ ᠢ ᠢᠳᠡᠪᠬᠢᠲᠡᠢ ᠪᠠᠷ ᠳᠠᠶᠢᠴᠢᠯᠠᠨ ᠭᠡᠷ ᠪᠠᠶᠢᠰᠢᠩ ᠤᠨ ᠠᠷᠤ ᠥᠪᠥᠷ ᠤᠨ ᠠᠷᠢᠭᠤᠨ ᠴᠡᠪᠡᠷ ᠢ | ᠰᠠᠶᠢᠲᠤᠷ ᠪᠠᠲᠣᠯᠠᠵᠤ᠂ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ︽ᠠᠷᠢᠭᠤᠨ ᠴᠡᠪᠡᠷ᠂ ᠴᠡᠪᠡᠷ ᠲᠡᠭᠰᠢ᠂ ᠡᠮᠬᠢ ᠵᠢᠷᠤᠮ ᠲᠠᠢ︾ ᠣᠷᠣᠰᠢᠨ ᠰᠠᠭᠤᠬᠤ | ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | | | | |