| 4 ᠰᠠᠷ᠎ᠠ ᠶᠢᠨ 17 ᠤ ᠡᠳᠦᠷ ᠠᠴᠠ 4 ᠰᠠᠷ᠎ᠠ ᠶᠢᠨ 21 ᠤ ᠡᠳᠦᠷ ᠪᠣᠯᠲᠠᠯ᠎ᠠ᠂ ᠵᠠᠷᠤᠳ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ ᠪᠦᠯᠬᠦᠮ ᠳᠠᠭᠠᠭᠤᠯᠤᠨ ᠾᠧᠪᠧᠢ ᠮᠤᠵᠢ ᠶᠢᠨ ᠵᠧᠩᠳᠢᠩ | ᠰᠢᠶᠠᠨ᠂ ᠠᠨᠾᠦ᠋ᠢ ᠮᠤᠵᠢ ᠶᠢᠨ ᠾᠧᠹᠧᠢ ᠬᠤᠲᠠ᠂ ᠱᠠᠨᠳᠦ᠋ᠩ ᠮᠤᠵᠢ ᠶᠢᠨ ᠴᠢᠩᠳᠣᠣ ᠬᠤᠲᠠ᠂ ᠵᠢᠨᠰᠢᠶᠠᠩ | ᠰᠢᠶᠠᠨ ᠳᠤ ᠬᠦᠷᠴᠦ ᠬᠤᠳᠠᠯᠳᠤᠭᠠᠴᠢᠨ ᠣᠷᠢᠬᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ | ᠭᠤᠣᠯᠳᠠᠯᠭ᠎ᠠ ᠲᠠᠢ ᠠᠵᠤ ᠠᠬᠤᠶᠢᠯᠠᠯ ᠳᠤ ᠬᠦᠷᠴᠦ ᠲᠤᠬᠠᠢ ᠶᠢᠨ ᠭᠠᠵᠠᠷ ᠲᠤᠨᠢ ᠰᠣᠷᠪᠣᠯᠵᠢᠯᠠᠵᠤ᠂ ᠲᠡᠷᠢᠭᠦᠨ ᠤ | ᠲᠤᠷᠰᠢᠯᠭ᠎ᠠ ᠶᠢ ᠰᠤᠷᠤᠯᠴᠠᠨ᠂ ᠲᠥᠷᠥᠯ ᠵᠦᠢᠯ ᠤᠨ ᠬᠠᠮᠲᠤᠷᠠᠯᠴᠠᠭ᠎ᠠ ᠬᠢᠬᠦ ᠪᠠᠷ ᠵᠥᠪᠳᠡᠯᠴᠡᠵᠦ᠂ ᠨᠠᠩ ᠣᠯᠠᠨ | ᠰᠠᠶᠢᠨ ᠲᠥᠷᠥᠯ ᠵᠦᠢᠯ ᠢ ᠵᠠᠷᠤᠳ ᠬᠤᠰᠢᠭᠤᠨ ᠳᠤ ᠨᠤᠲᠤᠭᠰᠢᠭᠤᠯᠬᠤ ᠪᠠᠷ ᠴᠢᠷᠮᠠᠶᠢᠪᠠ᠃ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠴᠧᠩ ᠣᠷᠣᠯᠴᠠᠪᠠ᠃ | | | ᠯᠢᠦ ᠶᠦᠩ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠾᠧᠪᠸᠢ ᠶᠢᠨ ᠫᠢᠩ ᠯᠧ ᠭᠤᠯᠢᠷ ᠳᠠᠯᠠᠭᠳᠠᠬᠤ | ᠮᠠᠰᠢᠨ ᠮᠧᠬᠠᠨᠢᠭ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠠᠨᠾᠦ᠋ᠢ ᠶᠢᠨ ᠵᠦᠩ ᠺᠧ ᠭᠡᠷᠡᠯ ᠴᠠᠬᠢᠯᠭᠠᠨ ᠢᠶᠠᠷ | ᠥᠩᠭᠡ ᠰᠣᠩᠭᠤᠬᠤ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ᠂ ᠱᠠᠨᠳᠦ᠋ᠩ ᠮᠤᠵᠢ ᠶᠢᠨ ᠵᠢᠨᠰᠢᠶᠠᠩ ᠰᠢᠶᠠᠨ ᠤ | ᠵᠢᠨᠢᠩ ᠢᠳᠡᠭᠡᠨ ᠤ ᠲᠣᠭᠤᠷᠢᠭ ᠵᠢᠴᠢ ᠱᠠᠨᠳᠦ᠋ᠩ ᠤᠨ ᠺᠠᠢ ᠱᠧᠩ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭᠠᠨ ᠤ | ᠭᠦᠢᠯᠭᠡᠭᠡᠨ ᠤ ᠬᠤᠳᠠ᠂ ᠴᠢᠩᠳᠣᠣ ᠶᠢᠨ ᠱᠧᠨ ᠶᠤᠸᠠᠢ ᠹᠧᠩ ᠲᠠᠷᠢᠶᠠᠯᠠᠩ ᠤᠨ ᠪᠦᠲᠦᠭᠡᠭᠳᠡᠬᠦᠨ ᠤ ᠬᠢᠵᠠᠭᠠᠷᠲᠤ | ᠺᠣᠮᠫᠠᠨᠢ ᠶᠢᠨ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠳᠤ ᠬᠦᠷᠴᠦ᠂ ᠲᠤᠬᠠᠢ ᠶᠢᠨ ᠭᠠᠵᠠᠷ ᠲᠤᠨᠢ ᠰᠢᠨᠵᠢᠯᠡᠨ | ᠪᠠᠶᠢᠴᠠᠭᠠᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠠᠵᠤ ᠠᠬᠤᠶᠢᠯᠠᠯ ᠤᠨ | ᠡᠵᠡᠩᠨᠡᠯᠲᠡ ᠶᠢᠨ ᠣᠶᠢᠯᠠᠭᠠᠭᠳᠠᠬᠤᠨ᠂ ᠠᠵᠢᠯᠯᠠᠭᠠᠨ ᠤ ᠵᠠᠭᠪᠤᠷ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠵᠡᠷᠭᠡ | ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠦᠢᠯᠡᠳᠪᠦᠷᠢᠯᠡᠯ ᠪᠣᠯᠪᠠᠰᠤᠷᠠᠭᠤᠯᠤᠯᠲᠠ᠂ ᠠᠷᠠᠯᠵᠢᠶ᠎ᠠ ᠬᠤᠳᠠᠯᠳᠤᠭ᠎ᠠ | ᠡᠳ᠋ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠬᠥᠮᠥᠷᠭᠡᠯᠡᠨ ᠬᠠᠳᠠᠭᠠᠯᠠᠬᠤ ᠠᠷᠠᠯᠵᠢᠶ᠎ᠠ | ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠨ ᠰᠤᠷᠤᠯᠴᠠᠪᠠ᠃ | ᠬᠦᠷᠦᠭᠰᠡᠨ ᠭᠠᠵᠠᠷ ᠪᠣᠯᠭᠠᠨ ᠳᠤ᠂ ᠯᠢᠦ ᠶᠦᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠵᠠᠷᠤᠳ | ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠲᠣᠶᠢᠮᠣ ᠪᠠᠶᠢᠳᠠᠯ᠂ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠪᠠ ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠶᠢ ᠨᠠᠷᠢᠨ ᠲᠠᠨᠢᠯᠴᠠᠭᠤᠯᠵᠤ᠂ ᠨᠡᠪᠲᠡᠷᠡᠯᠴᠡᠨ | ᠵᠣᠯᠭᠠᠭᠤᠯᠬᠤ ᠶᠢ ᠴᠢᠩᠭᠠᠳᠬᠠᠬᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ | ᠲᠣᠭᠤᠷᠢᠨ ᠳᠤ ᠵᠥᠪᠳᠡᠯᠴᠡᠨ ᠰᠣᠯᠢᠯᠴᠠᠵᠤ᠂ ᠠᠵᠤ ᠠᠬᠤᠶᠢᠯᠠᠯ ᠢ ᠵᠠᠷᠤᠳ ᠬᠤᠰᠢᠭᠤᠨ ᠳᠤ ᠬᠦᠷᠴᠦ ᠪᠠᠶᠢᠴᠠᠭᠠᠨ | ᠰᠤᠳᠤᠯᠤᠯᠲᠠ ᠬᠢᠵᠦ᠂ ᠬᠠᠮᠲᠤᠷᠠᠯᠴᠠᠭ᠎ᠠ ᠬᠢᠬᠦ ᠪᠠᠷ ᠬᠠᠶᠢᠨ ᠰᠦᠪᠡᠭᠴᠢᠯᠡᠵᠦ᠂ ᠬᠠᠮᠲᠤ ᠪᠠᠷ ᠠᠰᠢᠭ ᠭᠥᠷᠳᠡᠵᠦ | ᠬᠦᠭᠵᠢᠬᠦ ᠶᠢ ᠦᠨᠡᠨ ᠰᠡᠳᠬᠢᠯ ᠠᠴᠠ ᠪᠠᠨ ᠤᠷᠢᠵᠤ ᠪᠠᠶᠢᠨ᠎ᠠ ᠭᠡᠪᠡ᠃ | ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠯᠢᠦ ᠶᠦᠩ ᠪᠠᠰᠠ ᠥᠪᠥᠷ ᠮᠣᠩᠭᠤᠯ ᠤᠨ ᠸᠠᠩ ᠭᠦ᠋ | ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠣᠯᠣᠨ ᠾᠧᠪᠸᠢ ᠶᠢᠨ ᠫᠢᠩ ᠯᠧ ᠭᠤᠯᠢᠷ ᠲᠠᠯᠠᠭᠲᠠᠬᠤ | ᠮᠠᠰᠢᠨ ᠮᠧᠬᠠᠨᠢᠭ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠯᠤᠭ᠎ᠠ ᠶᠢᠨ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ | ᠲᠥᠬᠦᠭᠡᠷᠦᠮᠵᠢ ᠶᠢᠨ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ︔ ᠠᠨᠾᠦ᠋ᠢ ᠮᠤᠵᠢ ᠶᠢᠨ ᠾᠧᠹᠸᠢ ᠬᠤᠳᠠ ᠳᠤ | ᠬᠦᠷᠴᠦ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠴᠦᠮᠡᠲᠦ ᠵᠢᠮᠢᠰ ᠢ ᠬᠠᠭᠤᠷᠬᠤ ᠪᠠᠶᠠᠷ ᠲᠤ | ᠣᠷᠣᠯᠴᠠᠭᠰᠠᠨ ᠪᠥᠭᠡᠳ ᠠᠨᠾᠦ᠋ᠢ ᠮᠤᠵᠢ ᠶᠢᠨ ᠵᠦᠩ ᠺᠧ ᠬᠡᠷᠡᠯ ᠴᠠᠬᠢᠯᠭᠠᠨ ᠢᠶᠠᠷ ᠥᠩᠭᠡ ᠰᠣᠩᠭᠤᠬᠤ ᠮᠠᠰᠢᠨ | ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠪᠦᠦ ᠶᠢᠩ ᠲᠠᠢ ᠶᠠᠷᠢᠯᠴᠠᠵᠤ | ᠰᠠᠨᠠᠯ ᠢᠶᠠᠨ ᠰᠣᠯᠢᠯᠴᠠᠵᠤ᠂ ᠬᠠᠮᠲᠤᠷᠠᠯᠴᠠᠭᠠᠨ ᠤ ᠤᠴᠢᠷ ᠶᠠᠪᠤᠳᠠᠯ ᠢ ᠰᠤᠳᠤᠯᠤᠨ ᠶᠠᠷᠢᠯᠴᠠᠪᠠ᠃ | | | |