ᠶᠣᠣ ᠼᠠᠢ ᠶᠠᠨ ᠪᠦᠯᠬᠦᠮ ᠳᠠᠭᠠᠭᠤᠯᠤᠨ ᠵᠢᠶᠠᠩᠰᠤ ᠮᠤᠵᠢ ᠶᠢᠨ ᠰᠦᠵᠧᠦ ᠬᠤᠲᠠ ᠳᠤ ᠬᠦᠷᠴᠦ ᠬᠤᠳᠠᠯᠳᠣᠭᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/4/27
    4 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠣᠣ ᠼᠠᠢ ᠶᠠᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠳᠠᠯᠳᠤᠭᠠᠴᠢᠨ ᠤᠷᠢᠬᠤ ᠳᠤᠭᠤᠶᠢᠯᠠᠩ᠂ ᠰᠢᠶᠠᠩᠱᠠᠨ ᠪᠠᠯᠭᠠᠰᠤᠨ ᠤ ᠬᠤᠳᠠᠯᠳᠤᠭᠠᠴᠢᠨ ᠤᠷᠢᠬᠤ ᠳᠤᠭᠤᠶᠢᠯᠠᠩ ᠢ ᠳᠠᠭᠠᠭᠤᠯᠤᠨ ᠵᠢᠶᠠᠩᠰᠤ ᠮᠤᠵᠢ ᠶᠢᠨ ᠰᠦᠵᠧᠦ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ᠂ ᠬᠥ᠋ ᠰᠦ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠥᠩ᠂ ᠦᠵᠢᠶᠡᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠠᠢ ᠳ᠋ᠠᠨ ᠪᠠᠷ᠎ᠠ ᠪᠣᠯᠪᠠ᠃ ᠶᠣᠣ ᠼᠠᠢ ᠶᠠᠨ ᠬᠠᠮᠲᠤ ᠶᠠᠪᠣᠭᠰᠠᠳ ᠲᠠᠢ ᠪᠠᠨ ᠭᠦ᠋ ᠰᠦ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠣᠷᠳᠣᠨ᠂ ᠦᠵᠢᠶᠠᠩ ᠲᠣᠭᠤᠷᠢᠭ ᠤᠨ ᠲᠣᠭᠠᠴᠢᠯᠠᠭᠰᠠᠨ ᠰᠣᠶᠣᠯ ᠤᠷᠠᠯᠢᠭ ᠤᠨ ᠣᠷᠳᠣᠨ᠂ ᠰᠢᠶᠠᠩ ᠴᠧᠩ ᠲᠣᠭᠤᠷᠢᠭ ᠤᠨ ᠳ᠋ᠣᠣ ᠰᠢᠶᠠᠩ ᠵᠢᠵᠢᠭ ᠪᠠᠯᠭᠠᠰᠤ ᠵᠡᠷᠭᠡ ᠭᠠᠵᠠᠷ ᠲᠤ ᠬᠦᠷᠴᠦ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠶᠢᠨ ᠬᠠᠮᠲᠤ ᠬᠠᠮᠲᠤᠷᠠᠯᠴᠠᠨ ᠬᠤᠳᠠᠯᠳᠣᠭᠠᠴᠢᠨ ᠤᠷᠢᠵᠤ ᠪᠡᠯᠡ ᠲᠠᠲᠠᠬᠤ᠂  ᠵᠢᠭᠤᠯᠴᠢᠯᠠᠯ ᠤᠨ ᠡᠬᠢ ᠪᠠᠶᠠᠯᠢᠭ ᠤᠨ ᠲᠠᠪᠴᠠᠩ ᠪᠠᠶᠢᠭᠤᠯᠬᠤ᠂ ᠰᠣᠶᠣᠯ ᠤᠨ ᠰᠣᠯᠢᠯᠴᠠᠭ᠎ᠠ ᠬᠢᠬᠦ ᠵᠡᠷᠭᠡ ᠲᠠᠯ᠎ᠠ ᠪᠠᠷ ᠭᠦᠨᠵᠡᠭᠡᠢ ᠵᠥᠪᠳᠡᠯᠴᠡᠵᠦ᠂ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠠᠢ   ᠪᠣᠯᠪᠠ᠃
ea23574597e40411d3b45c0af86d540.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号