ᠱᠤᠤ ᠶᠠᠨ ᠵᠢᠶᠦ᠋ᠨ ᠪᠡᠭᠡᠵᠢᠩ ᠳᠤ ᠬᠦᠷᠴᠦ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠡᠯᠡ ᠣᠷᠤᠭᠤᠯᠤᠯᠲᠠ ᠶᠢᠨ ᠰᠢᠨ᠎ᠡ ᠬᠥᠳᠡᠭᠡ ᠲᠣᠰᠬᠤᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠲᠦᠷᠦᠯ ᠵᠤᠶᠢᠯ ᠤᠨ ᠲᠤᠬᠠᠢ ᠶᠠᠷᠢᠯᠴᠠᠪᠠ
ᠨᠡᠶᠢᠲᠡᠯᠡᠭᠰᠡᠨ ᠴᠠᠭ᠄
2023/4/27
    4 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠪᠡᠭᠡᠵᠢᠩ ᠳᠤ ᠬᠦᠷᠴᠤ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠡᠯᠡ ᠣᠷᠤᠭᠤᠯᠤᠯᠲᠠ ᠶᠢᠨ ᠰᠢᠨ᠎ᠡ ᠬᠥᠳᠡᠭᠡ ᠲᠣᠰᠬᠤᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠲᠦᠷᠤᠯ ᠵᠤᠶᠢᠯ ᠤᠨ ᠲᠤᠬᠠᠢ ᠶᠠᠷᠢᠯᠴᠠᠪᠠ᠃  ᠰᠠᠭᠤᠳᠠᠯ ᠤᠨ ᠬᠤᠷᠠᠯ ᠳᠡᠭᠡᠷ᠎ᠡ᠂ ᠱᠤᠤ ᠶᠠᠨ ᠵᠢᠶᠦ᠋ᠨ ᠪᠦᠬᠦ ᠬᠤᠰᠢᠭᠤᠨ ᠤ ᠳᠠᠪᠠᠭᠤᠯᠢᠭ ᠡᠬᠢ ᠪᠠᠶᠠᠯᠢᠭ ᠵᠢᠴᠢ ᠠᠵᠤ ᠦᠢᠯᠡᠰ ᠤᠨ ᠲᠤᠬᠠᠢ ᠲᠠᠨᠢᠯᠴᠠᠭᠤᠯᠭ᠎ᠠ ᠪᠠ ᠲᠠᠶᠢᠯᠤᠮᠵᠢ ᠬᠢᠵᠦ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠬᠥᠳᠡᠭᠡ ᠲᠣᠰᠬᠤᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠵᠠᠬᠢᠷᠤᠭᠴᠢ ᠵᠠᠩ ᠯᠦᠩ ᠠᠵᠤ ᠠᠬᠤᠶᠢᠯᠠᠯ ᠤᠨ ᠪᠠᠶᠢᠳᠠᠯ ᠵᠢᠴᠢ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠪᠠᠨ ᠲᠠᠨᠢᠯᠴᠠᠭᠤᠯᠪᠠ︔ ᠬᠤᠶᠠᠷ ᠲᠠᠯ᠎ᠠ ᠪᠠᠷ ᠢᠶᠠᠨ ᠦᠭᠡᠷ ᠤᠨ ᠪᠦᠬᠦ ᠠᠵᠤ ᠦᠢᠯᠡᠰ ᠤᠨ ᠬᠡᠯᠬᠢᠶ᠎ᠡ᠂ ᠬᠥᠳᠡᠭᠡ ᠠᠵᠤ ᠠᠬᠤᠢ ᠶᠢᠨ ᠠᠵᠤ ᠦᠢᠯᠡᠰᠵᠢᠯᠲᠡ᠂ ᠬᠢᠲᠠᠳ ᠡᠪᠡᠰᠦᠨ ᠡᠮ ᠤᠨ ᠮᠠᠲ᠋ᠧᠷᠢᠶᠠᠯ ᠵᠡᠷᠭᠡ ᠲᠦᠷᠦᠯ ᠵᠦᠢᠯ ᠤᠨ ᠲᠣᠭᠤᠷᠢᠨ ᠳᠤ ᠭᠦᠨᠵᠡᠭᠡᠢ ᠰᠠᠨᠠᠯ ᠢᠶᠠᠨ ᠰᠣᠯᠢᠯᠴᠠᠵᠤ᠂ ᠠᠩᠬ᠎ᠠ ᠠᠯᠬᠤᠮ ᠤᠨ ᠬᠠᠮᠲᠤ ᠶᠢᠨ ᠲᠠᠨᠢᠯᠲᠠ ᠲᠠᠢ ᠪᠤᠯᠪᠠ᠃ ᠬᠤᠰᠢᠭᠤᠨ ᠳᠡᠳ᠋ ᠳᠠᠷᠤᠭ᠎ᠠ ᠯᠢ ᠶᠦᠩ ᠬᠠᠢ᠂ ᠼᠦᠢ ᠯᠧᠢ ᠯᠧᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤᠷᠤᠯᠴᠠᠪᠠ᠃    
微信图片_20230427112618.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号