4 ᠰᠠᠷ᠎ᠠ ᠶᠢᠨ 26 ᠤ ᠡᠳᠦᠷ᠂ ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠪᠦᠦ ᠯᠦᠩ ᠠᠷᠤ ᠬᠥᠨᠳᠡᠯᠡᠨ ᠪᠠᠯᠭᠠᠰᠤᠨ ᠳᠤ ᠬᠦᠷᠴᠦ᠂ ᠬᠠᠷᠢᠭᠤ | ᠮᠡᠳᠡᠭᠦᠯᠦᠯᠲᠡ ᠰᠣᠨᠣᠰᠬᠤ᠂ ᠠᠬᠤᠢ ᠭᠠᠵᠠᠷ ᠲᠤᠨᠢ ᠪᠠᠶᠢᠴᠠᠭᠠᠨ ᠦᠵᠡᠬᠦ᠂ ᠡᠷᠤᠭᠡ ᠳᠤ ᠬᠦᠷᠴᠦ ᠰᠤᠷᠪᠤᠯᠵᠢᠯᠠᠬᠤ | ᠵᠡᠷᠭᠡ ᠬᠡᠯᠪᠡᠷᠢ ᠪᠠᠷ ᠲᠠᠮᠵᠢᠨ᠂ ᠪᠦᠭᠦ ᠪᠠᠯᠭᠠᠰᠤᠨ ᠤ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠳᠤ | ᠪᠠᠶᠢᠴᠠᠭᠠᠨ ᠰᠤᠳᠤᠯᠤᠯᠲᠠ ᠬᠢᠵᠦ᠂ ᠣᠨᠴᠠᠭᠠᠶᠢᠯᠠᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ | ᠤᠨᠲᠠᠷᠠᠭᠠᠬᠤ᠂ ᠠᠶᠤᠯᠭᠦᠢ ᠦᠢᠯᠡᠳᠪᠦᠷᠢᠯᠡᠬᠦ᠂ ᠮᠠᠯ ᠤᠨ ᠡᠭᠦᠯᠳᠡᠷ ᠰᠠᠶᠢᠵᠢᠷᠠᠭᠤᠯᠬᠤ ᠵᠡᠷᠭᠡ ᠠᠵᠢᠯ ᠳᠤ ᠪᠣᠳᠠᠲᠠᠢ | ᠱᠠᠭᠠᠷᠳᠠᠯᠭ᠎ᠠ ᠲᠤᠷᠠᠳᠪᠠ᠃ | | | | | ᠪᠦᠦ ᠯᠦᠩ ᠱᠠᠭᠠᠷᠳᠠᠭᠰᠠᠨ ᠨᠢ᠂ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠪᠥᠬᠦ ᠠᠷᠠᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠢ ᠦᠨᠡᠨᠬᠦ | ᠴᠢᠩᠭᠠᠳᠬᠠᠵᠤ᠂ ᠢᠯᠠᠩᠭᠤᠶ᠎ᠠ ᠬᠠᠷᠢᠶᠠᠲᠤ ᠣᠷᠣᠨ ᠤ ᠪᠣᠶ ᠪᠦᠬᠦᠢ ᠮᠠᠯ ᠤᠨ ᠲᠤᠪᠤ ᠪᠣᠯᠣᠨ ᠬᠡᠭᠡᠷ᠎ᠡ ᠭᠠᠳᠠᠨ᠎ᠠ | ᠠᠵᠢᠯᠯᠠᠬᠤ ᠬᠥᠮᠥᠰ ᠤᠨ ᠭᠠᠯ ᠬᠡᠷᠡᠭᠯᠡᠬᠦ ᠦᠶᠯᠡ ᠠᠵᠢᠯᠯᠠᠭ᠎ᠠ ᠶᠢᠨ ᠵᠢᠷᠤᠮᠵᠢᠯ ᠢ ᠴᠢᠩᠭᠠᠳᠬᠠᠵᠤ᠂ ᠵᠣᠷᠢᠭᠤᠳᠠ | ᠬᠦᠨᠳᠦ ᠶᠡᠭᠡ ᠭᠠᠯ ᠤᠨ ᠭᠠᠮᠰᠢᠭ ᠠᠮᠤᠷ ᠲᠦᠪᠰᠢᠨ ᠤ ᠠᠳᠡᠯ ᠭᠠᠷᠭᠠᠬᠤ ᠦᠭᠡᠢ ᠪᠠᠶᠢᠬᠤ ᠶᠢ ᠴᠢᠩᠭ᠎ᠠ ᠪᠠᠲᠤᠯᠠᠬᠤ | ᠬᠡᠷᠡᠭᠲᠡᠢ᠃ ︽ᠭᠠᠯ ᠢ ᠡᠷᠲᠡ ᠴᠤᠬᠢᠬᠤ᠂ ᠪᠠᠭ᠎ᠠ ᠳᠤᠨᠢ ᠴᠤᠬᠢᠬᠤ᠂ ᠴᠤᠬᠢᠵᠦ ᠤᠨᠳᠠᠷᠠᠭᠠᠵᠦ ᠲᠡᠶᠢᠯᠬᠦ︾ ᠵᠠᠷᠴᠢᠮ | ᠶᠣᠰᠣᠭᠠᠷ᠂ ᠡᠯ᠎ᠡ ᠱᠠᠳᠤ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠶᠠᠲᠤ ᠣᠷᠣᠨ ᠤ | ᠡᠳᠦᠷ ᠲᠤᠲᠤᠮ ᠤᠨ ᠲᠣᠭᠤᠷᠢᠨ ᠴᠠᠭᠳᠠᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠪᠥᠬᠦ ᠪᠠᠯᠭᠠᠰᠤᠨ ᠤ ᠮᠠᠯᠴᠢᠨ | ᠲᠠᠷᠢᠶᠠᠴᠢᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ | ᠭᠡᠪᠡ᠃ | | | | | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠪᠦᠦ ᠯᠦᠩ ᠪᠠᠰᠠ ᠮᠠᠯᠴᠢᠨ ᠲᠠᠷᠢᠶᠠᠴᠢᠨ ᠤ ᠭᠡᠷ ᠲᠤ | ᠬᠦᠷᠴᠦ ᠳᠣᠲᠣᠨᠣ ᠪᠠᠷ ᠶᠠᠷᠢᠯᠴᠠᠵᠤ᠂ ᠰᠠᠨᠠᠯ ᠢᠶᠠᠨ ᠭᠦᠨᠵᠡᠭᠡᠢ ᠰᠣᠯᠢᠯᠴᠠᠪᠠ᠃ ᠮᠠᠯᠵᠢᠬᠤ ᠡᠷᠤᠭᠡ ᠶᠢᠨ ᠮᠠᠯ | ᠲᠡᠵᠢᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠭᠦᠯᠳᠡᠷ ᠰᠠᠶᠢᠵᠢᠷᠠᠭᠤᠯᠬᠤ᠂ | ᠦᠷᠡᠵᠢᠭᠦᠯᠦᠨ ᠪᠣᠶᠢᠵᠢᠭᠤᠯᠵᠤ ᠪᠠᠶᠢᠭ᠎ᠠ ᠪᠠᠶᠢᠳᠠᠯ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠵᠢᠯ ᠳᠤ | ᠬᠤᠳᠠᠯᠳᠤᠭᠰᠠᠨ ᠲᠤᠭ᠎ᠠ ᠬᠡᠮᠵᠢᠶ᠎ᠡ᠂ ᠡᠪᠡᠰᠦ ᠪᠣᠷᠳᠤᠭ᠎ᠠ ᠨᠦᠬᠡᠴᠡᠯᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ | ᠬᠠᠮᠲᠤ ᠮᠠᠯᠵᠢᠬᠤ ᠲᠠᠷᠢᠶᠠᠯᠠᠬᠤ ᠡᠷᠤᠭᠡ ᠶᠢᠨ ᠪᠦᠬᠦᠯᠢ ᠲᠣᠰᠬᠤᠨ ᠢᠶᠠᠷ ᠢᠶᠠᠨ ᠡᠭᠦᠯᠳᠡᠷ ᠰᠠᠶᠢᠵᠢᠷᠠᠭᠤᠯᠬᠤ ᠠᠵᠢᠯ ᠢ | ᠠᠬᠢᠭᠤᠯᠬᠤ ᠲᠤᠬᠠᠢ ᠦᠵᠡᠯᠲᠡ ᠶᠢ ᠨᠢ ᠠᠰᠠᠭᠤᠵᠤ᠂ ᠲᠡᠵᠢᠭᠡᠪᠤᠷᠢ ᠶᠢᠨ ᠡᠷᠤᠭᠡ ᠶᠢᠨ ᠲᠡᠵᠢᠭᠡᠨ ᠦᠷᠡᠵᠢᠭᠦᠯᠬᠦ | ᠶᠠᠪᠤᠴᠠ ᠳᠤ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠳᠤ ᠴᠢᠭᠯᠡᠭᠦᠯᠦᠨ᠂ ᠳᠡᠳᠡᠨ ᠳᠤ | ᠠᠷᠭ᠎ᠠ ᠤᠬᠠᠭᠠᠨ ᠭᠠᠷᠭᠠᠵᠤ᠂ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠪᠡ᠃ | | | | | ᠪᠦᠦ ᠯᠦᠩ ᠴᠢᠬᠤᠯᠠᠴᠢᠯᠠᠭᠰᠠᠨ ᠨᠢ᠂ ᠡᠭᠦᠯᠳᠡᠷ ᠰᠠᠶᠢᠵᠢᠷᠠᠭᠤᠯᠬᠤ ᠪᠠ ᠰᠢᠨᠵᠢᠯᠡᠬᠦ ᠤᠬᠠᠭᠠᠨᠴᠢ ᠪᠠᠷ ᠲᠡᠵᠢᠭᠡᠨ | ᠦᠷᠡᠵᠢᠭᠦᠯᠬᠦ ᠨᠢ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠶᠢᠨ ᠴᠢᠬᠤᠯᠠ ᠴᠢᠨᠠᠷ ᠢ ᠤᠬᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠳᠠᠷᠠᠭᠠᠴᠢ ᠶᠢᠨ ᠠᠯᠬᠤᠮ ᠳᠤ ᠪᠦᠬᠦ ᠲᠣᠰᠬᠤᠨ ᠢᠶᠠᠷ ᠢᠶᠠᠨ ᠡᠭᠦᠯᠳᠷ | ᠰᠠᠶᠢᠵᠢᠷᠠᠭᠤᠯᠬᠤ ᠠᠵᠢᠯ ᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠮᠡᠷᠭᠡᠵᠢᠯ ᠦᠨᠳᠤᠷ | ᠡᠭᠦᠯᠳᠡᠷ ᠰᠠᠶᠢᠵᠢᠷᠠᠭᠤᠯᠬᠤ ᠮᠡᠷᠭᠡᠵᠢᠯ ᠤᠨ ᠠᠵᠢᠯᠲᠠᠨ ᠢ ᠤᠷᠢᠵᠤ᠂ ᠡᠭᠦᠯᠳᠡᠷ ᠰᠠᠶᠢᠵᠢᠷᠠᠭᠤᠯᠬᠤ ᠠᠵᠢᠯ ᠢ ᠰᠠᠶᠢᠲᠤᠷ | ᠥᠷᠨᠢᠭᠦᠯᠬᠦ ᠳᠤ ᠮᠡᠷᠭᠡᠵᠢᠯ ᠤᠨ ᠪᠠᠲᠤᠯᠠᠭ᠎ᠠ ᠬᠠᠩᠭᠠᠬᠤ ᠶᠢᠨ ᠬᠠᠮᠲᠤ᠂ ᠡᠯ᠎ᠡ ᠭᠠᠴᠠᠭᠠᠨ ᠤ ᠪᠣᠳᠠᠲᠤ ᠬᠡᠷᠡᠭᠴᠡᠭᠡ | ᠱᠠᠭᠠᠷᠳᠠᠯᠭ᠎ᠠ ᠲᠠᠢ ᠤᠶᠠᠯᠳᠤᠭᠤᠯᠤᠨ᠂ ᠮᠠᠯᠴᠢᠨ ᠲᠠᠷᠢᠶᠠᠴᠢᠨ ᠲᠤ ᠡᠭᠦᠯᠳᠡᠷ ᠰᠠᠶᠢᠵᠢᠷᠠᠭᠤᠯᠬᠤ ᠮᠡᠳᠡᠯᠭᠡ ᠶᠢᠨ | ᠪᠣᠯᠪᠠᠰᠤᠷᠠᠭᠤᠯᠤᠯ ᠬᠢᠵᠦ᠂ ᠮᠠᠯᠴᠢᠨ ᠲᠠᠷᠢᠶᠠᠴᠢᠨ ᠤ ᠡᠭᠦᠯᠳᠡᠷ ᠰᠠᠶᠢᠵᠢᠷᠠᠭᠤᠯᠤᠭᠰᠠᠨ ᠦᠬᠡᠷ ᠢ ᠲᠡᠵᠢᠭᠡᠬᠦ ᠮᠡᠷᠭᠡᠵᠢᠯ ᠢ | ᠦᠨᠡᠨᠬᠦ ᠳᠡᠭᠡᠭᠰᠢᠯᠡᠭᠦᠯᠵᠦ᠂ ᠤᠯᠠᠭᠠᠨ ᠦᠭᠡᠷ ᠤᠨ ᠦᠷ᠎ᠡ ᠲᠤᠭᠳᠠᠬᠤ ᠨᠣᠷᠮ᠎ᠠ ᠪᠠ ᠭᠡᠭᠡᠯ ᠲᠤᠭᠳᠠᠬᠤ ᠨᠣᠷᠮ᠎ᠠ ᠶᠢ | ᠳᠡᠭᠡᠭᠰᠢᠯᠡᠭᠦᠯᠬᠦ ᠬᠡᠷᠡᠭᠲᠡᠢ᠃ ᠬᠠᠨᠳᠤᠯᠭ᠎ᠠ ᠲᠠᠢ ᠪᠠᠷ ᠡᠭᠦᠯᠳᠡᠷ ᠰᠠᠶᠢᠵᠢᠷᠠᠭᠤᠯᠤᠭᠰᠠᠨ ᠵᠢᠱᠢᠶ᠎ᠡ ᠦᠵᠡᠭᠦᠯᠬᠦ | ᠲᠣᠰᠬᠤᠨ ᠢ ᠪᠠᠶᠢᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢᠶᠠᠷ ᠳᠠᠮᠵᠢᠭᠤᠯᠤᠨ ᠪᠦᠬᠦ | ᠪᠠᠯᠭᠠᠰᠤᠨ ᠤ ᠲᠡᠵᠢᠭᠡᠪᠤᠷᠢ ᠶᠢᠨ ᠡᠷᠦᠬᠡ ᠶᠢᠨ ᠲᠠᠨᠢᠯᠲᠠ ᠶᠢ ᠳᠡᠭᠡᠭᠰᠢᠯᠡᠭᠦᠯᠵᠦ᠂ ᠪᠦᠳᠦᠭᠦᠯᠢᠭ ᠮᠠᠶ᠋ᠢᠭ ᠤᠨ ᠲᠡᠵᠢᠭᠡᠨ | ᠦᠷᠡᠵᠢᠭᠦᠯᠬᠦ ᠦᠵᠡᠯᠲᠡ ᠶᠢ ᠬᠤᠪᠢᠷᠠᠭᠤᠯᠵᠤ᠂ ᠥᠪᠡᠷ ᠤᠨ ᠦᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠤᠷᠠᠭᠤᠯᠤᠭᠰᠠᠨ ᠰᠠᠭᠤᠷᠢᠨ ᠳᠡᠭᠡᠷ᠎ᠡ᠂ ᠲᠡᠵᠢᠭᠡᠨ ᠦᠷᠡᠵᠢᠭᠦᠯᠬᠦ ᠲᠤᠭ᠎ᠠ ᠬᠡᠮᠵᠢᠶ᠎ᠡ ᠶᠢ ᠪᠠᠭᠠᠰᠬᠠᠵᠤ᠂ ᠴᠢᠨᠠᠷ | ᠰᠠᠶᠢᠲᠠᠢ ᠦᠬᠡᠷ ᠢ ᠨᠡᠮᠡᠭᠳᠡᠭᠦᠯᠵᠦ᠂ ᠶᠠᠰᠤ ᠴᠢᠨᠠᠷ ᠢᠶᠠᠷ ᠢᠯᠠᠵᠤ᠂ ᠴᠥᠭᠡᠨ ᠢᠶᠠᠷ ᠤᠯᠠᠨ ᠢ ᠢᠯᠠᠵᠤ᠂ ᠨᠠᠷᠢᠯᠢᠭ | ᠲᠥᠯᠥᠪᠯᠡᠨ ᠪᠤᠳᠤᠬᠤ ᠪᠠ ᠴᠢᠨᠠᠷ ᠰᠠᠶᠢᠲᠠᠢ ᠦᠬᠡᠷ ᠢᠶᠠᠷ ᠲᠡᠵᠢᠭᠡᠨ ᠦᠷᠡᠵᠢᠭᠦᠯᠬᠦ ᠦᠷ᠎ᠡ ᠠᠰᠢᠭ ᠢᠶᠠᠨ | ᠳᠡᠭᠡᠭᠰᠢᠯᠡᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠳᠠᠢ ᠭᠡᠪᠡ᠃ | |