ᠣᠶᠢᠷ᠎ᠠ ᠳᠤ᠂ ᠴᠤᠤᠯ ᠭᠤᠣᠯ ᠢ ᠲᠠᠲᠠᠵᠤ ᠯᠢᠶᠣᠤ ᠾᠧ ᠭᠤᠣᠯ ᠢ ᠲᠤᠰᠠᠯᠠᠬᠤ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠤᠨ ᠵᠠᠷᠤᠳ ᠬᠤᠰᠢᠭᠤᠨ ᠳᠠᠬᠢ ᠰᠠᠯᠪᠤᠷᠢ ᠱᠤᠭᠤᠮ ᠤᠨ ᠠᠵᠢᠯ ᠡᠬᠢᠯᠡᠬᠦ ᠶᠣᠰᠣᠯᠠᠯ ᠶᠠᠪᠤᠭᠳᠠᠪᠠ᠃ | ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠼᠤᠤ ᠢᠦᠢ ᠯᠦᠩ᠂ ᠲᠥᠷᠥᠯ | ᠵᠦᠢᠯ ᠤᠨ ᠢᠨᠵᠧᠨᠧᠷᠢᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠤᠲᠠ᠂ ᠬᠤᠰᠢᠭᠤ ᠬᠤᠶᠠᠷ ᠱᠠᠲᠤᠨ ᠤ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃ | | | | | ᠼᠤᠤ ᠢᠦᠢ ᠯᠦᠩ ᠠᠵᠢᠯ ᠡᠬᠢᠯᠡᠭᠦᠯᠬᠦ ᠶᠣᠰᠣᠯᠠᠯ ᠳᠡᠭᠡᠷ᠎ᠡ᠂ ᠴᠤᠤᠯ ᠭᠤᠣᠯ ᠢ ᠲᠠᠲᠠᠵᠤ ᠯᠢᠶᠣᠤ ᠾᠧ ᠭᠤᠣᠯ | ᠢ ᠲᠤᠰᠠᠯᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠵᠠᠷᠤᠳ ᠬᠤᠰᠢᠭᠤᠨ ᠳᠠᠬᠢ ᠰᠠᠯᠪᠤᠷᠢ ᠱᠤᠭᠤᠮ ᠤᠨ | ᠪᠦᠲᠦᠭᠡᠨ ᠪᠠᠶᠢᠭᠤᠯᠤᠯᠲᠠ ᠨᠢ ᠪᠦᠬᠦ ᠬᠤᠰᠢᠭᠤᠨ ᠤ ᠤᠰᠤᠨ ᠤ ᠡᠬᠢ ᠪᠠᠶᠠᠯᠢᠭ ᠤᠨ ᠲᠤᠳᠠᠭᠳᠠᠯ ᠢ ᠪᠦᠲᠦᠮᠵᠢᠲᠡᠢ | ᠨᠠᠮᠳᠠᠭᠤᠯᠵᠤ᠂ ᠯᠦᠪᠸᠢ ᠠᠵᠤ ᠦᠢᠯᠡᠰ ᠤᠨ ᠬᠦᠷᠢᠶᠡᠯᠡᠩ ᠤᠨ ᠬᠡᠪ ᠤᠨ ᠠᠵᠢᠯᠯᠠᠭᠠᠨ ᠳᠤ ᠤᠰᠤᠨ ᠤ ᠪᠠᠲᠤᠯᠠᠭ᠎ᠠ | ᠬᠠᠩᠭᠠᠬᠤ ᠪᠤᠯᠤᠨ᠎ᠠ᠃ ᠡᠭᠦᠨ ᠤ ᠬᠠᠮᠲᠤ᠂ ᠡᠨᠡᠬᠦ ᠢᠨᠵᠧᠨᠧᠷᠢᠩ ᠢ ᠬᠡᠷᠡᠭᠵᠢᠭᠦᠯᠦᠭᠰᠡᠨ ᠨᠢ ᠪᠦᠭᠦ ᠬᠤᠰᠢᠭᠤᠨ ᠤ | ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠵᠠᠷᠤᠳ ᠬᠤᠰᠢᠭᠤᠨ ᠤ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠡᠶᠡᠯᠡᠭᠦᠯᠵᠦ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠪᠡ᠃ | | | | | ᠼᠤᠤ ᠢᠦᠢ ᠯᠦᠩ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ | ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠪᠠᠨ ᠴᠢᠩᠭᠠᠳᠬᠠᠵᠤ᠂ | ᠬᠤᠯᠪᠣᠭᠳᠠᠬᠤ ᠰᠤᠮᠤ ᠪᠠᠯᠭᠠᠰᠤ ᠲᠠᠯᠠᠪᠠᠶ ᠬᠢᠨ ᠨᠢᠭᠲᠠ ᠬᠠᠮᠵᠢᠯᠴᠠᠨ᠂ ᠬᠢᠨᠠᠮᠠᠭᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠭᠤᠭᠴᠤᠭ᠎ᠠ᠂ ᠨᠠᠷᠢᠨ ᠵᠦᠢᠯᠡᠰ ᠤᠨ ᠬᠠᠮᠢᠶᠠᠷᠤᠯᠲᠠ ᠪᠠᠨ ᠴᠢᠩᠭᠠᠳᠬᠠᠨ᠂ ᠪᠦᠲᠦᠭᠡᠨ ᠪᠠᠶᠢᠭᠤᠯᠬᠤ | ᠠᠬᠢᠴᠠ ᠪᠠᠨ ᠲᠦᠷᠭᠡᠳᠬᠡᠵᠦ᠂ ᠢᠨᠵᠧᠨᠧᠷᠢᠩ ᠤᠨ ᠲᠣᠭᠲᠠᠭᠰᠠᠨ ᠬᠤᠭᠤᠴᠠᠭᠠᠨ ᠳᠤ ᠪᠡᠶᠡᠯᠡᠭᠳᠡᠬᠦ ᠶᠢ ᠪᠠᠲᠤᠯᠠᠬᠤ | ᠬᠡᠷᠡᠭᠲᠡᠢ᠃ ᠪᠠᠷᠢᠯᠭ᠎ᠠ ᠶᠢᠨ ᠨᠢᠭᠡᠴᠡ ᠨᠦᠭᠦᠳ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠲᠡᠰ ᠳᠠᠷᠠᠭᠠᠯᠠᠯ ᠢᠶᠠᠨ | ᠵᠢᠷᠤᠮᠵᠢᠭᠤᠯᠵᠤ᠂ ᠶᠠᠰᠤ ᠴᠢᠨᠠᠷ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ ᠬᠢᠨᠠᠨ ᠬᠠᠮᠢᠶᠠᠷᠬᠤ | ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠶᠠᠰᠤ ᠴᠢᠨᠠᠷ ᠤᠨ ᠪᠣᠭᠤᠮᠲᠠ᠂ ᠠᠬᠢᠴᠠ ᠶᠢᠨ | ᠪᠣᠭᠤᠮᠲᠠ ᠶᠢ ᠦᠨᠡᠨᠬᠦ ᠰᠠᠶᠢᠲᠤᠷ ᠠᠳᠬᠤᠵᠤ᠂ ᠡᠯ᠎ᠡ ᠵᠦᠢᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠡᠭᠦᠷᠭᠡ ᠶᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠵᠠᠷᠤᠳ ᠬᠤᠰᠢᠭᠤᠨ ᠳᠠᠬᠢ ᠴᠤᠤᠯ | ᠭᠤᠣᠯ ᠢ ᠯᠢᠶᠣᠤ ᠾᠧ ᠭᠤᠣᠯ ᠳᠤ ᠲᠠᠲᠠᠵᠤ ᠣᠷᠣᠭᠤᠯᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠰᠣᠳᠣᠨ | ᠢᠨᠵᠧᠨᠧᠷᠢᠩ᠂ ᠵᠢᠱᠢᠶᠡᠴᠢ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠪᠡ᠃ | | | | | ᠣᠶᠢᠯᠠᠭᠠᠭᠰᠠᠨ ᠢᠶᠠᠷ᠂ ᠴᠤᠤᠯ ᠭᠤᠣᠯ ᠢ ᠲᠠᠲᠠᠵᠤ ᠯᠢᠶᠣᠤ ᠾᠧ ᠭᠤᠣᠯ ᠢ ᠲᠤᠰᠠᠯᠠᠬᠤ ᠬᠤᠶᠠᠳᠤᠭᠠᠷ | ᠬᠤᠭᠤᠴᠠᠭᠠᠨ ᠤ ᠢᠨᠵᠧᠨᠧᠷᠢᠩ ᠪᠣᠯ ᠴᠤᠤᠯ ᠭᠤᠣᠯ ᠢ ᠲᠠᠲᠠᠵᠤ ᠯᠢᠶᠣᠤ ᠾᠧ ᠭᠤᠣᠯ ᠢ ᠲᠤᠰᠠᠯᠠᠬᠤ | ᠢᠨᠵᠧᠨᠧᠷᠢᠩ ᠤᠨ ᠦᠷᠭᠦᠯᠵᠢᠯᠡᠯ ᠪᠣᠯᠣᠨ᠎ᠠ᠂ ᠮᠥᠨ ᠴᠦ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠲᠠᠪᠤᠨ ᠵᠢᠯ ᠤᠨ ᠲᠦᠯᠤᠪᠯᠡᠭᠡ ᠶᠢᠨ ᠬᠤᠭᠤᠴᠠᠭᠠᠨ ᠳᠤ ᠬᠡᠷᠡᠭᠵᠢᠭᠦᠯᠬᠦ ᠪᠠᠷ ᠲᠣᠭᠲᠠᠭᠠᠭᠰᠠᠨ ᠴᠢᠬᠤᠯᠠ ᠶᠡᠭᠡ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠲᠥᠷᠥᠯ ᠵᠦᠢᠯ ᠪᠣᠯᠣᠨ᠎ᠠ᠂ ᠪᠠᠷᠢᠯᠭ᠎ᠠ ᠳᠤ ᠨᠡᠶᠢᠲᠡ 9 ᠰᠠᠯᠪᠤᠷᠢ ᠱᠤᠭᠤᠮ | ᠪᠠᠶᠢᠷᠢᠯᠠᠭᠤᠯᠵᠤ᠂ ᠵᠠᠷᠤᠳ ᠬᠤᠰᠢᠭᠤᠨ ᠳᠠᠬᠢ ᠨᠢ ᠲᠡᠭᠦᠨ ᠤ ᠳᠣᠲᠣᠷᠠᠬᠢ ᠨᠢᠭᠡ ᠱᠤᠭᠤᠮ ᠪᠤᠯᠵᠦ᠂ ᠬᠤᠭᠤᠯᠠᠢ | ᠱᠤᠭᠤᠮ ᠤᠨ ᠶᠡᠷᠦᠩᠬᠡᠢ ᠣᠷᠳᠣ ᠨᠢ 57 ᠺᠢᠯᠣᠮᠧᠲᠷ᠂ ᠪᠠᠷᠢᠯᠭ᠎ᠠ ᠶᠢᠨ ᠶᠡᠷᠦᠩᠬᠡᠢ ᠪᠡᠯᠡ ᠣᠷᠤᠭᠤᠯᠤᠯᠲᠠ ᠨᠢ 13. | 36 ᠳ᠋ᠦᠩᠰᠢᠭᠤᠷ ᠲᠥᠭᠦᠷᠢᠭ᠂ ᠵᠢᠯ ᠤᠨ ᠤᠰᠤ ᠬᠤᠪᠢᠶᠠᠷᠢᠯᠠᠬᠤ ᠬᠡᠮᠵᠢᠶ᠎ᠡ ᠨᠢ 8900 ᠲᠦᠮᠡᠨ ᠪᠣᠰᠤᠭ᠎ᠠ | ᠳᠥᠷᠪᠡᠯᠵᠢᠨ ᠮᠧᠲᠷ ᠪᠠᠶᠢᠵᠤ᠂ ᠪᠥᠬᠦ ᠬᠤᠰᠢᠭᠤᠨ ᠤ ᠳᠥᠷᠪᠡᠨ ᠰᠤᠮᠤ ᠪᠠᠯᠭᠠᠰᠤ ᠲᠠᠯᠠᠪᠠᠶ ᠶᠢᠨ 6 ᠭᠠᠴᠠᠭ᠎ᠠ | ᠲᠣᠰᠬᠤᠨ ᠲᠠᠢ ᠬᠤᠯᠪᠣᠭᠳᠠᠨ᠎ᠠ᠃ | |