ᠵᠠᠷᠤᠳ ᠬᠤᠰᠢᠭᠤ ᠢᠳᠡᠭᠡᠨ ᠤ ᠵᠦᠢᠯ᠂ ᠭᠤᠶᠣᠯᠠᠯ ᠤᠨ ᠡᠳ᠋ ᠤᠨ ᠡᠵᠡᠩᠨᠡᠯᠲᠡ ᠶᠢᠨ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠰᠡᠷᠡᠮᠵᠢᠯᠡᠭᠦᠯᠬᠦ ᠬᠤᠷᠠᠯ ᠬᠢᠪᠡ
ᠨᠡᠶᠢᠲᠡᠯᠡᠭᠰᠡᠨ ᠴᠠᠭ᠄
2023/4/28
    ᠢᠳᠡᠭᠡᠨ ᠤ ᠵᠦᠢᠯ᠂ ᠭᠤᠶᠣᠯᠠᠯ ᠤᠨ ᠡᠳ᠋ ᠤᠨ ᠠᠵᠤ ᠠᠬᠤᠶᠢᠯᠠᠯ ᠤᠨ ᠡᠵᠡᠩᠨᠡᠭᠴᠢᠳ ᠤᠨ ᠠᠮᠤᠷ ᠲᠦᠪᠰᠢᠨ ᠤ ︽ᠨᠢᠭᠡᠳᠦᠭᠡᠷ ᠬᠠᠷᠢᠭᠤᠴᠠᠯᠭᠠᠲᠠᠨ︾ ᠤ ᠤᠬᠠᠮᠰᠠᠷ ᠢ ᠣᠯᠠᠮ ᠨᠢᠭᠡ ᠠᠯᠬᠤᠮ ᠪᠠᠲᠤ ᠪᠠᠬᠢ ᠪᠤᠶ ᠪᠣᠯᠭᠠᠬᠤ ᠶᠢ ᠬᠥᠲᠥᠯᠥᠨ ᠵᠢᠯᠤᠭᠤᠳᠬᠤ ᠪᠠ ᠱᠠᠭᠠᠷᠳᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠲᠠᠪᠣᠷᠢᠵᠢᠭᠤᠯᠬᠤ ᠶᠢᠨ ᠲᠦᠯᠦᠭᠡ᠂ 4 ᠰᠠᠷ᠎ᠠ ᠶᠢᠨ 24 ᠤ ᠡᠳᠦᠷ ᠠᠴᠠ 4 ᠰᠠᠷ᠎ᠠ ᠶᠢᠨ 25 ᠤ ᠡᠳᠦᠷ ᠪᠣᠯᠲᠠᠯ᠎ᠠ᠂ ᠵᠠᠷᠤᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠢᠨ ᠪᠥᠬᠦ ᠬᠤᠰᠢᠭᠤᠨ ᠤ ᠢᠳᠡᠭᠡᠨ ᠤ ᠵᠦᠢᠯ ᠡᠵᠡᠩᠨᠡᠬᠦ ᠨᠢᠭᠡᠴᠡ᠂ ᠭᠤᠶᠣᠯᠠᠯ ᠤᠨ ᠡᠳ᠋ ᠤᠨ ᠡᠵᠡᠩᠨᠡᠯᠲᠡ ᠶᠢᠨ ᠨᠢᠭᠡᠴᠡ ᠶᠢ ᠵᠣᠬᠢᠶᠠᠨ ᠪᠠᠶᠢᠭᠤᠯᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠰᠡᠷᠡᠮᠵᠢᠯᠡᠭᠦᠯᠬᠦ ᠬᠤᠷᠠᠯ ᠬᠢᠵᠦ᠂ ᠪᠥᠬᠦ ᠬᠤᠰᠢᠭᠤᠨ ᠤ ᠢᠳᠡᠭᠡᠨ ᠤ ᠵᠦᠢᠯ ᠡᠵᠡᠩᠨᠡᠬᠦ ᠨᠢᠭᠡᠴᠡ ︵ᠢᠳᠡᠭᠡᠨ ᠪᠣᠷᠣᠯᠠᠭᠤᠯᠬᠤ ᠨᠢᠭᠡᠴᠡ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ᠂ ᠰᠤᠷᠭᠠᠭᠤᠯᠢ ᠶᠢᠨ ᠬᠤᠭᠤᠯᠠᠨ ᠭᠡᠷ ᠵᠡᠷᠭᠡ ᠪᠠᠭᠲᠠᠨ᠎ᠠ︶᠂ ᠭᠤᠶᠣᠯᠠᠯ ᠤᠨ ᠡᠳ᠋ ᠤᠨ ᠡᠵᠡᠩᠨᠡᠯᠲᠡ ᠶᠢᠨ ᠨᠢᠭᠡᠴᠡ ᠶᠢᠨ ᠬᠠᠷᠢᠭᠤᠴᠠᠯᠭᠠᠲᠠᠨ ᠨᠡᠶᠢᠲᠡ 2200 ᠭᠠᠷᠤᠢ ᠭᠦᠮᠦᠰ ᠣᠷᠣᠯᠴᠠᠪᠠ᠃
893a390c70ea45bd9a81986382e92314.png
    ᠬᠤᠷᠠᠯ ᠠᠴᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠬᠦ᠂ ᠤᠯᠤᠰ ᠤᠨ ᠪᠣᠯᠪᠠᠰᠤᠨ ᠠᠷᠢᠭᠤᠨ ᠴᠡᠪᠡᠷ ᠬᠤᠰᠢᠭᠤ ᠰᠢᠶᠠᠨ ᠢ ᠡᠭᠦᠳᠦᠨ ᠪᠠᠶᠢᠭᠤᠯᠬᠤ ᠵᠡᠷᠭᠡ ᠠᠵᠢᠯ ᠤᠨ ᠱᠠᠭᠠᠷᠳᠠᠯᠭ᠎ᠠ ᠶᠢᠨ ᠲᠤᠬᠠᠢ ᠢᠳᠡᠭᠡᠨ ᠤ ᠵᠦᠢᠯ᠂ ᠭᠤᠶᠣᠯᠠᠯ ᠤᠨ ᠡᠳ᠋ ᠤᠨ ᠡᠵᠡᠩᠨᠡᠯᠲᠡ ᠶᠢᠨ ᠭᠤᠭᠴᠤᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠲᠦᠷᠦᠭᠦᠦ ᠨᠢᠭᠡ ᠬᠤᠭᠤᠴᠠᠭᠠᠨ ᠤ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠵᠠᠳᠠᠯᠤᠨ ᠰᠤᠳᠤᠯᠵᠤ ᠮᠠᠭᠠᠳᠯᠠᠭᠰᠠᠨ ᠪᠥᠭᠡᠳ ᠪᠣᠯᠣᠮᠵᠢᠲᠤ ᠴᠢᠨᠠᠷᠲᠠᠢ ᠰᠢᠢᠳᠪᠦᠷᠢᠯᠡᠬᠦ ᠠᠷᠭ᠎ᠠ ᠬᠡᠮᠵᠢᠶ᠎ᠡ ᠳᠣᠷᠠᠳᠪᠠ᠃
5eaa9790c0484965ab12c013dfa70049.png
    ᠬᠤᠷᠠᠯ ᠠᠴᠠ᠂ ᠬᠤᠷᠠᠯ ᠳᠤ ᠣᠷᠣᠯᠴᠠᠭᠰᠠᠨ ᠡᠯ᠎ᠡ ᠨᠢᠭᠡᠴᠡ ᠶᠢᠨ ᠬᠢᠨ ᠲᠤᠰ ᠤᠳᠠᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯ ᠢᠳᠡᠭᠡᠨ ᠤ ᠵᠦᠢᠯ᠂ ᠭᠤᠶᠣᠯᠠᠯ ᠤᠨ ᠡᠳ᠋ ᠤᠨ ᠠᠮᠤᠷ ᠲᠦᠪᠰᠢᠨ ᠤ ︽ᠨᠢᠭᠡᠳᠦᠭᠡᠷ ᠬᠠᠷᠢᠭᠤᠴᠠᠯᠭᠠᠲᠠᠨ︾ ᠪᠣᠯᠬᠤ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠤᠬᠠᠮᠰᠠᠷ᠂ ᠬᠤᠷᠢᠭ᠎ᠠ ᠱᠤᠭᠤᠮ ᠤᠨ ᠤᠬᠠᠮᠰᠠᠷ᠂ ᠬᠠᠤᠯᠢ ᠴᠠᠭᠠᠵᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠲᠣᠭᠲᠠᠭᠠᠵᠤ᠂ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠳᠠᠷᠠᠭᠠᠯᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ︾ ᠠᠵᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠵᠤ ᠠᠬᠤᠶᠢᠯᠠᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠨᠠᠶᠢᠳᠠᠪᠤᠷᠢᠵᠢᠭᠤᠯᠬᠤ ᠵᠡᠷᠭᠡ ᠬᠠᠮᠢᠶ᠎ᠠ ᠪᠦᠬᠦᠢ ᠳᠦᠷᠢᠮ ᠤᠨ ᠪᠠᠶᠢᠴᠠᠭᠠᠯᠲᠠ ᠶᠢ ᠴᠢᠩᠭᠠᠳᠬᠠᠵᠤ᠂ ᠠᠵᠤ ᠠᠬᠤᠶᠢᠯᠠᠯ ᠢ ᠱᠠᠭᠠᠷᠳᠠᠵᠤ ᠪᠠᠶᠢᠭᠠᠳ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠡᠭᠦᠨ ᠤ ᠬᠠᠮᠲᠤ᠂ ᠬᠤᠷᠠᠯ ᠠᠴᠠ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠢᠳᠡᠭᠡᠨ ᠤᠮᠳᠠᠭᠠᠨ ᠤ ᠠᠵᠢᠯᠯᠠᠭᠠᠨ ᠤ ᠵᠢᠷᠤᠮᠵᠢᠯ︾᠂ ︽ᠢᠳᠡᠭᠡᠨ ᠪᠣᠷᠣᠯᠠᠭᠤᠯᠬᠤ ᠳᠤ ᠠᠩᠬᠠᠷᠬᠤ ᠴᠢᠬᠤᠯᠠᠲᠠᠢ ᠭᠤᠷᠪᠠᠨ ᠶᠡᠭᠡ ᠬᠦᠴᠦᠨ ᠵᠦᠢᠯ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠬᠠᠤᠯᠢ︾᠂ ︽ᠭᠤᠶᠣᠯᠠᠯ ᠤᠨ ᠡᠳ᠋ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠲᠣᠭᠲᠠᠭᠠᠯ ᠤᠨ ᠲᠣᠭᠤᠷᠢᠨ ᠳᠤ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠥᠷᠨᠢᠭᠦᠯᠪᠡ᠃ ᠡᠭᠦᠨ ᠤ ᠬᠠᠮᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠤᠯᠢ︾ ︽ᠢᠳᠡᠭᠡᠨ ᠤᠮᠳᠠᠭᠠᠨ ᠤ ᠠᠵᠢᠯ ᠲᠥᠷᠥᠯ ᠤᠨ ᠡᠵᠡᠩᠨᠡᠭᠴᠢᠳ ᠲᠤ ᠰᠠᠨᠠᠭᠤᠯᠬᠤ ᠪᠠ ᠰᠡᠷᠡᠮᠵᠢᠯᠡᠭᠦᠯᠬᠦ ᠪᠢᠴᠢᠭ︾ ︽ᠢᠳᠡᠭᠡᠨ ᠤ ᠭᠦᠢᠯᠭᠡᠭᠡᠨ ᠤ ᠭᠤᠭᠴᠤᠭ᠎ᠠ ᠳᠤ ᠬᠠᠤᠯᠢ ᠶᠣᠰᠣᠭᠠᠷ ᠡᠵᠡᠩᠨᠡᠯᠲᠡ ᠬᠢᠬᠦ ᠰᠠᠨᠠᠭᠤᠯᠵᠤ ᠰᠡᠷᠡᠮᠵᠢᠯᠡᠭᠦᠯᠬᠦ ᠪᠢᠴᠢᠭ︾ ︽ᠭᠤᠶᠣᠯᠠᠯ ᠤᠨ ᠡᠳ᠋ ᠢ ᠬᠠᠤᠯᠢ ᠶᠣᠰᠣᠭᠠᠷ ᠡᠵᠡᠩᠨᠡᠯᠲᠡ ᠬᠢᠬᠦ ᠰᠠᠨᠠᠭᠤᠯᠵᠤ ᠰᠡᠷᠡᠮᠵᠢᠯᠡᠭᠦᠯᠬᠦ ᠪᠢᠴᠢᠭ︾ ᠵᠡᠷᠭᠡ ᠶᠢ 11000 ᠭᠠᠷᠤᠢ ᠬᠤᠪᠢ ᠲᠠᠷᠬᠠᠭᠠᠵᠤ᠂ ᠢᠳᠡᠭᠡᠨ ᠤ ᠵᠦᠢᠯ ᠡᠵᠡᠩᠨᠡᠬᠦ ᠨᠢᠭᠡᠴᠡ᠂ ᠭᠤᠶᠣᠯᠠᠯ ᠤᠨ ᠡᠳ᠋ ᠤᠨ ᠡᠵᠡᠩᠨᠡᠯᠲᠡ ᠶᠢᠨ ᠨᠢᠭᠡᠴᠡ  ᠬᠢᠨ ᠬᠠᠤᠯᠢ ᠶᠢ ᠰᠠᠬᠢᠵᠤ ᠡᠵᠡᠩᠨᠡᠬᠦ ᠦᠵᠡᠯ ᠤᠬᠠᠮᠰᠠᠷ ᠢ ᠦᠨᠡᠨᠬᠦ ᠴᠢᠩᠭᠠᠷᠠᠭᠤᠯᠵᠤ᠂ ᠢᠳᠡᠭᠡᠨ ᠤ ᠵᠦᠢᠯ᠂ ᠭᠤᠶᠣᠯᠠᠯ ᠤᠨ ᠡᠳ᠋ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号