ᠵᠠᠰᠠᠭ ᠤᠨ ᠣᠷᠳᠣᠨ ᠤ ᠲᠣᠮᠣ ᠬᠡᠷᠡᠭ ᠶᠠᠪᠣᠳᠠᠯ ᠤᠨ ᠲᠡᠮᠳᠡᠭᠯᠡᠯ ︵2023 ᠣᠨ ᠤ 3 ᠰᠠᠷ᠎ᠠ︶
ᠨᠡᠶᠢᠲᠡᠯᠡᠭᠰᠡᠨ ᠴᠠᠭ᠄
2023/4/5
    3 ᠰᠠᠷ᠎ᠠ ᠶᠢᠨ 1 ᠤ ᠡᠳᠦᠷ᠂ ᠵᠠᠷᠤᠳ ᠬᠤᠰᠢᠭᠤᠨ ᠤ ᠦᠯᠵᠡᠶᠢᠮᠦ᠋ᠷᠡᠨ ᠰᠤᠮᠤ ᠬᠢᠨ ᠥᠪᠥᠷ ᠮᠣᠩᠭᠤᠯ ᠤᠨ ᠴᠠᠬᠢᠯᠭᠠᠨ ᠤ ᠪᠡᠯᠡ ᠣᠷᠣᠭᠤᠯᠤᠯᠲᠠ ᠶᠢᠨ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠮᠧᠩ ᠳ᠋ᠦᠩ ᠬᠤᠪᠢᠶᠠᠷᠢ ᠺᠣᠮᠫᠠᠨᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠰᠠᠯᠠᠬᠤ ᠬᠠᠨᠳᠢᠪ ᠢ ᠬᠦᠯᠢᠶᠡᠬᠦ ᠶᠣᠰᠣᠯᠠᠯ ᠵᠢᠴᠢ ᠴᠠᠭᠠᠨᠨᠠᠭᠤᠷ ᠭᠠᠴᠠᠭ᠎ᠠ ᠶᠢᠨ ᠨᠠᠮ ᠤᠨ ᠡᠭᠦᠷ ᠤᠨ ᠦᠬᠡᠷ ᠲᠡᠵᠢᠭᠡᠬᠦ ᠲᠤᠰᠬᠠᠢ ᠬᠤᠷᠰᠢᠶ᠎ᠠ ᠪᠠᠶᠢᠭᠤᠯᠣᠭᠰᠠᠨ ᠲᠤᠤᠵᠠ ᠬᠠᠶᠢᠴᠢᠯᠠᠬᠤ ᠶᠣᠰᠣᠯᠠᠯ ᠶᠠᠪᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠴᠤᠤ ᠢᠦᠢ ᠯᠦᠩ ᠲᠤᠤᠵᠠ ᠬᠠᠶᠢᠴᠢᠯᠠᠬᠤ ᠶᠣᠰᠣᠯᠠᠯ ᠳᠤ ᠣᠷᠣᠯᠴᠠᠪᠠ᠃    3 ᠰᠠᠷ᠎ᠠ ᠶᠢᠨ 2 ᠤᠨ ᠡᠳᠦᠷ᠂ ᠵᠠᠷᠤᠳ ᠬᠤᠰᠢᠭᠤ 2023 ᠣᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠲᠤᠰᠢᠶᠠᠨ ᠭᠦᠢᠴᠡᠳᠭᠡᠯᠭᠡᠬᠦ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤᠨ ᠳᠠᠷᠤᠭ᠎ᠠ ᠪᠠᠲᠤ ᠬᠤᠷᠠᠯ ᠳᠤ ᠣᠷᠣᠯᠴᠠᠪᠠ᠃    3 ᠰᠠᠷ᠎ᠠ ᠶᠢᠨ 2 ᠤᠨ ᠡᠳᠦᠷ᠂ ᠵᠠᠷᠤᠳ ᠬᠤᠰᠢᠭᠤ ᠪᠣᠯᠣᠨ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠦᠬᠡᠷ ᠤᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠲᠠᠪᠴᠠᠩ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠳᠠᠪᠠ᠃ ᠳᠡᠳ᠋ ᠬᠤᠰᠢᠭᠤᠨ ᠳᠠᠷᠤᠭ᠎ᠠ ᠼᠦᠢ ᠯᠧᠢ ᠯᠧᠢ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃    3 ᠰᠠᠷ᠎ᠠ ᠶᠢᠨ 4 ᠤ ᠡᠳᠦᠷ᠂ ᠵᠠᠷᠤᠳ ᠬᠤᠰᠢᠭᠤᠨ ᠤ 2022 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠰᠢᠯᠭᠠᠯᠲᠠ ᠲᠦᠩᠯᠢᠶᠣᠣ ᠬᠤᠲᠠ ᠶᠢᠨ ᠬᠤᠷᠴᠢᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠲᠤ ᠶᠠᠪᠤᠭᠳᠠᠪᠠ᠃ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠰᠢᠯᠭᠠᠯᠲᠠ ᠶᠢᠨ ᠠᠵᠢᠯ ᠳᠤ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠪᠠ᠃    3 ᠰᠠᠷ᠎ᠠ ᠶᠢᠨ 7 ᠤ ᠡᠳᠦᠷ᠂ ᠪᠥᠬᠦ ᠬᠤᠰᠢᠭᠤᠨ ᠤ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯᠲᠠᠳ ᠤᠨ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠡᠷᠭᠢᠯᠠᠨ ᠶᠠᠷᠢᠶ᠎ᠠ ᠲᠠᠯᠪᠢᠪᠠ᠃    3 ᠰᠠᠷ᠎ᠠ ᠶᠢᠨ 8 ᠤ ᠡᠳᠦᠷ᠂ ᠵᠠᠷᠤᠳ ᠬᠤᠰᠢᠭᠤᠨ ᠤ ᠳᠡᠳ᠋ ᠳᠠᠷᠤᠭ᠎ᠠ ᠳ᠋ᠢᠩ ᡁᠢ ᠭᠠᠩ ᠠᠷᠤ ᠬᠥᠨᠳᠡᠯᠡᠨ ᠪᠠᠯᠭᠠᠰᠤ᠂ ᠤᠯᠠᠭᠠᠨᠬᠠᠳᠠ ᠰᠤᠮᠤ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠠᠵᠢᠯ  ᠢ ᠬᠢᠨᠠᠨ ᠵᠢᠯᠣᠭᠤᠳᠪᠠ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠪᠠ᠃    3 ᠰᠠᠷ᠎ᠠ ᠶᠢᠨ 9 ᠤ ᠡᠳᠦᠷ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠪᠦᠯᠬᠦᠮ ᠳᠠᠭᠠᠭᠤᠯᠤᠨ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ᠂ ᠢᠳᠡᠭᠡᠨ ᠤ ᠠᠮᠤᠷ ᠲᠦᠪᠰᠢᠨ ᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃    3 ᠰᠠᠷ᠎ᠠ ᠶᠢᠨ 11 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 49 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ  ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ ᠬᠤᠷᠠᠯ ᠳᠤ ᠣᠷᠣᠯᠴᠠᠪᠠ᠃    3 ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ᠺᠠᠩ ᠨᠠᠢ ᠡᠯ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢ ᠲᠠᠮᠫᠣᠷᠠᠭᠤᠯᠣᠨ ᠳᠠᠬᠢᠨ ᠴᠡᠪᠡᠷᠯᠡᠨ ᠰᠡᠷᠭᠦᠭᠡᠵᠦ ᠡᠳ᠋ ᠬᠥᠷᠥᠩᠭᠡ ᠶᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ᠂ ᠳᠡᠳ᠋ ᠬᠤᠰᠢᠭᠤᠨ ᠳᠠᠷᠤᠭ᠎ᠠ ᠯᠢ ᠶᠦᠩ ᠬᠠᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠳᠤ ᠣᠷᠣᠯᠴᠠᠪᠠ᠃    3 ᠰᠠᠷ᠎ᠠ ᠶᠢᠨ 17 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠬᠦᠳᠡᠭᠡ ᠲᠣᠰᠬᠤᠨ ᠮᠠᠯᠵᠢᠬᠤ ᠣᠷᠣᠨ ᠤ ᠠᠵᠢᠯ ᠤᠨ ᠬᠤᠷᠠᠯ ᠵᠢᠴᠢ ᠪᠥᠬᠦ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠡᠷᠬᠢᠯᠡᠪᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ ᠬᠤᠷᠠᠯ ᠳᠤ ᠣᠷᠣᠯᠴᠠᠪᠠ᠃    3 ᠰᠠᠷ᠎ᠠ ᠶᠢᠨ 19 ᠤ ᠡᠳᠦᠷ᠂ ᠵᠠᠷᠤᠳ ᠬᠤᠰᠢᠭᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠼᠤᠤ ᠢᠦᠢ ᠯᠦᠩ᠂ ᠳᠡᠳ᠋ ᠬᠤᠰᠢᠭᠤᠨ ᠳᠠᠷᠤᠭ᠎ᠠ ᠯᠢ ᠶᠦᠩ ᠬᠠᠢ ᠬᠤᠷᠠᠯ ᠳᠤ ᠣᠷᠣᠯᠴᠠᠪᠠ᠃    3 ᠰᠠᠷ᠎ᠠ ᠶᠢᠨ 19 ᠤ ᠡᠳᠦᠷ᠂ ᠵᠠᠷᠤᠳ ᠬᠤᠰᠢᠭᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠣᠯᠪᠠᠰᠤᠷᠠᠭᠤᠯᠤᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠯᠢ ᠶᠦᠩ ᠬᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    3 ᠰᠠᠷ᠎ᠠ ᠶᠢᠨ 21 ᠤ ᠡᠳᠦᠷ᠂ ᠵᠠᠷᠤᠳ ᠬᠤᠰᠢᠭᠤᠨ ᠤ ᠮᠣᠳᠤ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠬᠡᠮ ᠰᠣᠭᠤᠭ ᠢ ᠲᠤᠰᠬᠠᠢ ᠮᠡᠷᠭᠡᠵᠢᠯᠲᠡᠨ ᠠᠴᠠ ᠮᠡᠷᠭᠡᠵᠢᠯ ᠤᠨ ᠯᠠᠪᠯᠠᠯᠭ᠎ᠠ ᠠᠪᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠼᠤᠤ ᠢᠦᠢ ᠯᠦᠩ ᠬᠤᠷᠠᠯ ᠳᠤ ᠣᠷᠣᠯᠴᠠᠪᠠ᠃    3 ᠰᠠᠷ᠎ᠠ ᠶᠢᠨ 22 ᠤᠨ ᠡᠳᠦᠷ᠂ ᠵᠠᠷᠤᠳ ᠬᠤᠰᠢᠭᠤ ᠳᠣᠲᠣᠭᠠᠳᠤ ᠶᠢ ᠬᠠᠮᠠᠭᠠᠯᠠᠬᠤ ᠠᠵᠢᠯ ᠵᠢᠴᠢ ︽ᠨᠠᠮ ᠤᠨ ᠪᠠᠶᠢᠭᠤᠯᠤᠯᠲᠠ ᠶᠢ ᠠᠳᠬᠤᠵᠤ᠂ ᠰᠤᠷᠲᠠᠯ ᠢ ᠴᠡᠭᠴᠡᠯᠡᠨ᠂ ᠬᠡᠪ ᠴᠢᠨᠠᠷ ᠢ ᠴᠢᠩᠭᠠᠳᠬᠠᠵᠤ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠤᠨ ᠠᠬᠢᠭᠤᠯᠬᠤ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠬᠤᠷᠠᠯ ᠳᠤ ᠣᠷᠣᠯᠴᠠᠪᠠ᠃    3 ᠰᠠᠷ᠎ᠠ ᠶᠢᠨ 29 ᠤ ᠡᠳᠦᠷ᠂ ᠵᠠᠷᠤᠳ ᠬᠤᠰᠢᠭᠤᠨ ᠤ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠠᠵᠢᠯ ᠤᠨ ᠲᠣᠭᠲᠠᠴᠠ ᠶᠢ ᠠᠬᠢᠭᠤᠯᠬᠤ ᠬᠤᠷᠠᠯ  ᠬᠢᠪᠡ᠃ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    3 ᠰᠠᠷ᠎ᠠ ᠶᠢᠨ 31 ᠤ ᠡᠳᠦᠷ᠂ ᠵᠠᠷᠤᠳ ᠬᠤᠰᠢᠭᠤ ᠫᠤᠤᠲ᠋ᠠᠢ ᠱᠠᠨ ᠠᠭᠤᠯᠠᠨ ᠤ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠢ ᠬᠠᠩᠰᠢ ᠶᠢᠨ ᠡᠳᠦᠷ ᠤᠨ ᠱᠦᠭᠦᠷᠳᠡᠨ ᠴᠡᠪᠡᠷᠯᠡᠬᠦ ᠠᠵᠢᠯᠯᠠᠭ᠎ᠠ ᠦᠷᠨᠢᠭᠦᠯᠪᠡ᠃ ᠳᠡᠳ᠋  ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠠᠵᠢᠯᠯᠠᠭ᠎ᠠ ᠳᠤ  ᠣᠷᠣᠯᠴᠠᠪᠠ᠃    3 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠤ᠂ ᠵᠠᠮ ᠬᠠᠷᠢᠯᠴᠠᠭᠠᠨ ᠤ ᠬᠦᠷᠢᠶ᠎ᠡ ᠴᠠᠷ᠎ᠠ ᠳᠠᠬᠢ ᠬᠠᠯᠠᠮ ᠤᠲᠠᠰᠤᠨ ᠤ ᠠᠵᠢᠯ ᠢ ᠲᠣᠬᠢᠷᠠᠭᠤᠯᠤᠨ ᠠᠬᠢᠭᠤᠯᠵᠤ᠂ ᠬᠤᠯᠪᠣᠭᠳᠠᠯ ᠪᠤᠶᠢᠭᠦᠢ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号