| ᠨᠢᠭᠡ᠂ ᠲᠣᠭᠲᠠᠭᠠᠭᠰᠠᠨ ᠠᠬᠤᠢ ᠪᠠᠶᠢᠳᠠᠯ | ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ | ᠪᠠᠬᠢᠵᠢᠭᠦᠯᠵᠦ᠂ ᠬᠤᠯᠠᠭᠠᠶᠢᠯᠠᠨ ᠮᠠᠯᠵᠢᠬᠤ᠂ ᠳᠤᠷ᠎ᠠ ᠪᠠᠷ ᠢᠶᠠᠨ ᠮᠠᠯᠵᠢᠬᠤ᠂ ᠰᠥᠨᠢ ᠪᠠᠷ ᠮᠠᠯᠵᠢᠬᠤ ᠵᠡᠷᠭᠡ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠦᠲᠦᠮᠵᠢᠲᠡᠢ ᠬᠤᠷᠢᠭᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ | ᠰᠡᠯᠡᠭᠦᠨ ᠮᠠᠯᠵᠢᠬᠤ ᠬᠠᠤᠯᠢ ᠬᠡᠷᠡᠭᠵᠢᠭᠦᠯᠬᠦ ᠶᠠᠪᠤᠴᠠ ᠳᠠᠬᠢ ᠪᠠᠶᠢᠭᠤᠯᠣᠮᠵᠢ ᠲᠡᠭᠦᠯᠳᠡᠷ ᠪᠤᠰᠤ᠂ ᠡᠩᠨᠡᠭᠡ ᠪᠦᠷᠢᠨ ᠪᠤᠰᠤ | ᠂ ᠬᠠᠤᠯᠢ ᠬᠡᠷᠡᠭᠵᠢᠭᠦᠯᠬᠦ ᠲᠠᠯ᠎ᠠ ᠪᠠᠷ ᠴᠢᠩᠭ᠎ᠠ ᠪᠤᠰᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠢᠨ ᠲᠦᠯᠦᠭᠡ | ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠥᠬᠦ ᠬᠤᠲᠠ ᠶᠢᠨ ᠬᠡᠪᠴᠢᠶᠡᠨ ᠳᠤ | ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠡᠭᠦᠨ ᠮᠠᠯᠵᠢᠬᠤ ᠬᠠᠤᠯᠢ ᠬᠡᠷᠡᠭᠵᠢᠭᠦᠯᠬᠦ ᠲᠤᠰᠬᠠᠢ ᠠᠵᠢᠯᠯᠠᠭ᠎ᠠ ᠶᠢ ᠥᠷᠨᠢᠭᠦᠯᠬᠦ | ᠲᠤᠬᠠᠢ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠪᠥᠬᠦ ᠬᠤᠰᠢᠭᠤᠨ ᠤ ᠬᠡᠪᠴᠢᠶᠡᠨ ᠳᠤ | ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠡᠭᠦᠨ ᠮᠠᠯᠵᠢᠬᠤ ᠲᠦᠪᠯᠡᠷᠡᠭᠦᠯᠦᠨᠬᠠᠤᠯᠢ ᠬᠡᠷᠡᠭᠵᠢᠭᠦᠯᠬᠦ ᠲᠤᠰᠬᠠᠢ ᠠᠵᠢᠯᠯᠠᠭ᠎ᠠ | ᠥᠷᠨᠢᠭᠦᠯᠬᠦ ᠪᠠᠷ ᠲᠣᠭᠲᠠᠪᠠ᠃ | ᠬᠤᠶᠠᠷ᠂ ᠲᠣᠭᠲᠠᠭᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ | ᠰᠡᠯᠡᠭᠦᠨ ᠮᠠᠯᠵᠢᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠠᠤᠯᠢ﹀ ᠶᠢ | ᠬᠡᠷᠡᠭᠵᠢᠭᠦᠯᠬᠦ ᠠᠷᠭ᠎ᠠ︾ ᠵᠡᠷᠭᠡ ᠬᠠᠣᠯᠢ ᠲᠣᠭᠲᠠᠭᠠᠯ᠃ | ᠭᠤᠷᠪᠠ᠂ ᠭᠤᠣᠯ ᠡᠭᠦᠷᠭᠡ | ︵ᠨᠢᠭᠡ︶ ᠥᠷᠭᠡᠨ ᠢᠶᠠᠷ ᠤᠬᠠᠭᠤᠯᠤᠨ ᠳᠠᠶᠢᠴᠢᠯᠠᠨ᠎ᠠ᠃ ᠡᠯ᠎ᠡ ᠰᠤᠮᠤ ᠪᠠᠯᠭᠠᠰᠤ ᠲᠠᠯᠠᠪᠠᠶ ᠬᠢᠨ ᠴᠠᠭ ᠲᠤᠬᠠᠢ | ᠳᠤᠨᠢ ᠳᠠᠶᠢᠴᠢᠯᠠᠨ ᠪᠠᠶᠢᠷᠢᠯᠠᠭᠤᠯᠬᠤ ᠬᠤᠷᠠᠯ ᠬᠢᠵᠦ᠂ ᠲᠦᠪᠯᠡᠷᠡᠭᠦᠯᠦᠨ ᠬᠠᠤᠯᠢ ᠬᠡᠷᠡᠭᠵᠢᠭᠦᠯᠬᠦ ᠲᠤᠰᠬᠠᠢ | ᠠᠵᠢᠯᠯᠠᠭ᠎ᠠ ᠶᠢᠨ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠤᠬᠠᠭᠤᠯᠭ᠎ᠠ ᠬᠥᠮᠦᠵᠢᠯ ᠢ ᠲᠤᠰᠬᠠᠢ | ᠠᠵᠢᠯᠯᠠᠭ᠎ᠠ ᠶᠢᠨ ᠳᠣᠮᠳᠠ ᠢᠮᠠᠭᠲᠠ ᠲᠤᠤᠱᠯᠠᠭᠤᠯᠬᠤ ᠶᠢ ᠪᠠᠷᠢᠮᠲᠠᠯᠠᠨ᠂ ᠣᠯᠠᠨ ᠲᠦᠮᠡᠨ ᠢ ᠢᠳᠡᠪᠬᠢᠲᠡᠢ ᠪᠠᠷ | ᠬᠥᠲᠥᠯᠥᠨ ᠵᠢᠯᠤᠭᠤᠳᠴᠤ ᠪᠠᠶᠢᠭᠠᠳ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠡᠭᠦᠨ ᠮᠠᠯᠵᠢᠬᠤ ᠪᠠ ᠡᠪᠡᠰᠦ ᠮᠠᠯ ᠢ | ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠵᠢᠷᠣᠮᠯᠠᠭᠤᠯᠤᠨᠠ᠃ | ︵ᠬᠤᠶᠠᠷ︶ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠨᠢᠭᠡ ᠳᠤ ᠣᠶ ᠰᠢᠭᠤᠢ ᠨᠣᠲᠤᠭ | ᠪᠡᠯᠴᠢᠭᠡᠷ ᠤᠨ ᠬᠠᠤᠯᠢ ᠬᠡᠷᠡᠭᠵᠢᠭᠦᠯᠬᠦ ᠪᠠᠶᠢᠭᠤᠯᠣᠮᠵᠢ ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ | ᠬᠤᠭᠤᠷᠣᠨᠳᠣᠬᠢ ᠬᠠᠮᠵᠢᠯᠴᠠᠨ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠯᠪᠤᠭᠠᠯᠠᠨ | ᠬᠥᠳᠡᠯᠦᠯᠴᠡᠵᠦ ᠬᠠᠤᠯᠢ ᠬᠡᠷᠡᠭᠵᠢᠭᠦᠯᠬᠦ ᠶᠢ ᠥᠷᠨᠢᠭᠦᠯᠦᠨ᠎ᠡ᠃ ᠬᠤᠶᠠᠷ ᠲᠤ ᠬᠠᠤᠯᠢ ᠬᠡᠷᠡᠭᠵᠢᠭᠦᠯᠬᠦ ᠡᠩᠨᠡᠭᠡ ᠶᠢ | ᠪᠦᠷᠢᠨ ᠭᠦᠢᠴᠡᠳ ᠲᠣᠬᠢᠷᠠᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠠᠵᠢᠯ ᠤᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠶᠢᠩᠭᠤ ᠶᠢᠨ ᠴᠢᠨᠠᠷᠲᠠᠢ ᠥᠨᠳᠥᠷ ᠳᠠᠷᠤᠯᠲᠠ ᠥᠭᠬᠦ ᠪᠠᠶᠢᠳᠠᠯ ᠢ | ᠪᠠᠲᠤᠯᠠᠨ᠎ᠠ᠃ | ︵ᠭᠤᠷᠪᠠ︶ ᠬᠠᠤᠯᠢ ᠶᠢ ᠴᠢᠩᠭ᠎ᠠ ᠬᠡᠷᠡᠭᠵᠢᠭᠦᠯᠦᠨ᠎ᠡ᠃ ᠨᠢᠭᠡ ᠳᠤ ᠬᠠᠤᠯᠢ ᠬᠡᠷᠡᠭᠵᠢᠭᠦᠯᠬᠦ ᠬᠦᠷᠢᠶ᠎ᠡ ᠬᠡᠪᠴᠢᠶ᠎ᠡ | ᠪᠠ ᠠᠭᠤᠯᠭ᠎ᠠ ᠶᠢ ᠲᠣᠳᠣᠷᠬᠠᠢ ᠪᠣᠯᠭᠠᠨ᠎ᠠ᠃ ᠬᠡᠷᠡᠭᠵᠢᠭᠦᠯᠬᠦ ᠲᠥᠰᠥᠯ ᠳᠤ ᠬᠤᠪᠢᠶᠠᠷᠢᠯᠠᠭᠰᠠᠨ ᠣᠷᠣᠨ ᠪᠦᠰᠡ ᠶᠢ | ᠦᠨᠳᠦᠰᠦᠯᠡᠨ ᠲᠤᠰᠬᠠᠢ ᠬᠠᠤᠯᠢ ᠬᠡᠷᠡᠭᠵᠢᠭᠦᠯᠦᠯᠲᠡ ᠬᠢᠵᠦ ᠬᠢᠨᠠᠨ ᠵᠢᠯᠣᠭᠤᠳᠤᠯᠭ᠎ᠠ ᠶᠢ ᠦᠷᠨᠢᠭᠦᠯᠦᠨ᠎ᠡ᠃ | ᠬᠤᠶᠠᠷ ᠲᠤ ᠬᠠᠤᠯᠢ ᠬᠡᠷᠡᠭᠵᠢᠭᠦᠯᠬᠦ ᠭᠤᠣᠯᠳᠠᠯᠭ᠎ᠠ ᠪᠠᠨ ᠳᠣᠪᠣᠶᠢᠯᠠᠭᠠᠨᠠ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠬᠤᠯᠠᠭᠠᠶᠢᠯᠠᠨ ᠮᠠᠯᠵᠢᠵᠤ ᠳᠤᠷ᠎ᠠ ᠪᠠᠷ ᠢᠶᠠᠨ ᠮᠠᠯᠵᠢᠬᠤ᠂ ᠰᠥᠨᠢ ᠪᠠᠷ ᠮᠠᠯᠵᠢᠬᠤ ᠵᠡᠷᠭᠡ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠭᠤᠣᠯᠳᠠᠯᠭ᠎ᠠ ᠲᠠᠢ ᠲᠤᠰᠬᠠᠢ ᠴᠡᠭᠴᠡᠯᠡᠨ ᠵᠠᠰᠠᠨ᠎ᠠ᠃ ᠭᠤᠷᠪᠠ ᠳᠤ | ᠬᠠᠤᠯᠢ ᠬᠡᠷᠡᠭᠵᠢᠭᠦᠯᠬᠦ ᠠᠵᠢᠯᠯᠠᠭ᠎ᠠ ᠪᠠᠨ ᠵᠢᠷᠤᠮᠵᠢᠭᠤᠯᠤᠨ᠎ᠠ᠃ ᠲᠤᠰᠬᠠᠢ ᠬᠠᠤᠯᠢ ᠬᠡᠷᠡᠭᠵᠢᠭᠦᠯᠦᠯᠲᠡ ᠬᠢᠵᠦ ᠬᠢᠨᠠᠨ | ᠵᠢᠯᠤᠭᠤᠳᠬᠤ ᠳᠤᠭᠤᠶᠢᠯᠠᠩ ᠨᠢ ᠳᠤᠭᠤᠶᠢᠯᠠᠩ ᠤᠨ ᠳᠠᠷᠤᠭ᠎ᠠ ᠠᠴᠠ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ | ᠨᠢᠭᠡᠳᠦᠯᠲᠡᠢ ᠠᠯᠪᠠᠨ ᠬᠤᠪᠴᠠᠰᠤ ᠡᠮᠦᠰᠴᠦ᠂ ᠭᠠᠵᠠᠷ ᠲᠣᠭᠲᠠᠭᠠᠬᠤ ᠦᠭᠡᠢ᠂ ᠴᠠᠭ ᠲᠣᠭᠲᠠᠭᠠᠬᠤ ᠦᠭᠡᠢ ᠠᠷᠭ᠎ᠠ | ᠮᠠᠶ᠋ᠢᠭ ᠢᠶᠠᠷ ᠲᠤᠰᠬᠠᠢ ᠬᠠᠤᠯᠢ ᠬᠡᠷᠡᠭᠵᠢᠭᠦᠯᠦᠯᠲᠡ ᠶᠢ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠳᠤ | ᠲᠣᠷᠭᠠᠬᠤ ᠪᠠᠷᠢᠮᠵᠢᠶ᠎ᠠ ᠪᠠ ᠦᠶᠯᠡ ᠠᠵᠢᠯᠯᠠᠭ᠎ᠠ ᠶᠢᠨ ᠵᠢᠷᠤᠮᠵᠢᠯ ᠢ ᠲᠣᠳᠣᠷᠬᠠᠶᠢᠯᠠᠬᠤ ᠬᠡᠷᠡᠭᠲᠡᠢ᠃ | ︵ᠳᠥᠷᠪᠡ︶ ᠱᠠᠭᠠᠷᠳᠠᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠳᠠᠯᠠᠨ᠎ᠠ᠃ ᠬᠠᠤᠯᠢ ᠬᠡᠷᠡᠭᠵᠢᠭᠦᠯᠬᠦ ᠡᠩᠨᠡᠭᠡᠨ | ᠨᠢ ᠱᠠᠭᠠᠷᠳᠠᠨ ᠪᠠᠶᠢᠴᠠᠭᠠᠯᠲᠠ ᠬᠢᠬᠦ ᠴᠢᠩᠭᠠᠳᠬᠠᠵᠤ᠂ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠂ ᠬᠠᠤᠯᠢ | ᠬᠡᠷᠡᠭᠵᠢᠭᠦᠯᠬᠦ ᠠᠵᠢᠯᠲᠠᠨ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠨ ᠰᠢᠯᠭᠠᠯᠲᠠ ᠬᠢᠨ᠎ᠡ᠃ | ︵ᠲᠠᠪᠤ︶ ᠣᠷᠳᠣ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ ᠭᠠᠵᠠᠷ ᠣᠷᠣᠨ᠂ | ᠡᠯ᠎ᠡ ᠰᠠᠯᠠᠭ᠎ᠠ ᠮᠥᠴᠢᠷ ᠬᠢᠨ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠡᠭᠦᠨ ᠮᠠᠯᠵᠢᠬᠤ ᠲᠦᠪᠯᠡᠷᠡᠭᠦᠯᠦᠨ ᠬᠠᠤᠯᠢ | ᠬᠡᠷᠡᠭᠵᠢᠭᠦᠯᠬᠦ ᠲᠤᠰᠬᠠᠢ ᠠᠵᠢᠯᠯᠠᠭ᠎ᠠ ᠶᠢᠨ ᠠᠵᠢᠯ ᠤᠨ ᠲᠤᠷᠰᠢᠯᠭ᠎ᠠ ᠪᠠᠨ ᠬᠢᠨᠠᠮᠠᠭᠠᠢ ᠳ᠋ᠦᠩᠨᠡᠵᠦ᠂ ᠬᠠᠤᠯᠢ | ᠬᠡᠷᠡᠭᠵᠢᠭᠦᠯᠬᠦ ᠪᠠᠶᠢᠭᠤᠯᠣᠮᠵᠢ ᠶᠢ ᠲᠡᠭᠦᠯᠳᠡᠷᠵᠢᠭᠦᠯᠬᠦ᠂ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠬᠤ᠂ ᠬᠠᠤᠯᠢ | ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠵᠡᠷᠭᠡ ᠲᠠᠯ᠎ᠠ ᠪᠠᠷ ᠳᠦᠷᠢᠮ ᠤᠨ ᠦᠷ᠎ᠡ ᠪᠦᠲᠦᠭᠡᠯ ᠪᠣᠶ ᠪᠣᠯᠭᠠᠵᠤ᠂ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠪᠠ ᠪᠡᠯᠴᠢᠭᠡᠷᠯᠡᠭᠦᠯᠬᠦ ᠶᠢ | ᠴᠠᠭᠠᠵᠠᠯᠠᠵᠤ ᠰᠡᠯᠡᠭᠦᠨ ᠮᠠᠯᠵᠢᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠣᠯᠠᠨ᠎ᠠ᠃ | ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ | ᠲᠣᠰ ᠤᠳᠠᠭᠠᠨ ᠤ ᠲᠤᠰᠬᠠᠢ ᠠᠵᠢᠯᠯᠠᠭ᠎ᠠ ᠥᠷᠨᠢᠭᠦᠯᠬᠦ ᠴᠠᠭ ᠨᠢ 2023 ᠣᠨ ᠤ 4 ᠰᠠᠷ᠎ᠠ ᠶᠢᠨ ᠡᠬᠢ ᠠᠴᠠ | 2023 ᠣᠨ ᠤ 12 ᠰᠠᠷ᠎ᠠ ᠶᠢᠨ ᠰᠡᠭᠦᠯᠴᠢ ᠪᠣᠯᠣᠨ᠎ᠠ᠂ ᠡᠭᠦᠨ ᠳᠤ ᠳᠠᠶᠢᠴᠢᠯᠠᠨ ᠪᠠᠶᠢᠷᠢᠯᠠᠭᠤᠯᠬᠤ᠂ ᠵᠣᠬᠢᠶᠠᠨ | ᠪᠠᠶᠢᠭᠤᠯᠤᠨ ᠬᠡᠷᠡᠭᠵᠢᠭᠦᠯᠬᠦ᠂ ᠲᠤᠷᠰᠢᠯᠭ᠎ᠠ ᠪᠠᠨ ᠳ᠋ᠦᠩᠨᠡᠬᠦ ᠭᠤᠷᠪᠠᠨ ᠱᠠᠲᠤ ᠬᠤᠪᠢᠶᠠᠨ᠎ᠠ᠃ | ︵ᠨᠢᠭᠡ︶ ᠳᠠᠶᠢᠴᠢᠯᠠᠨ ᠪᠠᠶᠢᠷᠢᠯᠠᠭᠤᠯᠬᠤ ᠱᠠᠲᠤ ︵2023 ᠣᠨ ᠤ 4 ᠰᠠᠷ᠎ᠠ ᠶᠢᠨ 1 ᠤ ᠡᠳᠦᠷ ᠠᠴᠠ 4 | ᠰᠠᠷ᠎ᠠ ᠶᠢᠨ 10 ᠤ ᠡᠳᠦᠷ︶ ᠪᠣᠯᠲᠠᠯ᠎ᠠ | ︵ᠬᠤᠶᠠᠷ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠱᠠᠲᠤ ︵2022 ᠣᠨ ᠤ 4 ᠰᠠᠷ᠎ᠠ ᠶᠢᠨ 11 ᠤ ᠡᠳᠦᠷ | ᠠᠴᠠ 2023 ᠣᠨ ᠤ 10 ᠰᠠᠷ᠎ᠠ ᠶᠢᠨ 31 ᠤ ᠡᠳᠦᠷ︶ ᠪᠣᠯᠲᠠᠯ᠎ᠠ | ︵ᠭᠤᠷᠪᠠ︶ ᠲᠤᠷᠰᠢᠯᠭ᠎ᠠ ᠪᠠᠨ ᠳ᠋ᠦᠩᠨᠡᠬᠦ ᠱᠠᠲᠤ ︵2023 ᠣᠨ ᠤ 11 ᠰᠠᠷ᠎ᠠ ᠶᠢᠨ 1 ᠤ ᠡᠳᠦᠷ ᠠᠴᠠ | 12 ᠰᠠᠷ᠎ᠠ ᠶᠢᠨ 30 ᠤ ᠡᠳᠦᠷ︶ ᠪᠣᠯᠲᠠᠯ᠎ᠠ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠪᠠ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤᠨ ᠤ ᠨᠠᠮ ᠤᠨ | ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠬᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ | ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ | ᠭᠡᠰᠢᠭᠦᠨ ᠪᠣᠯᠭᠠᠭᠰᠠᠨ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠡᠭᠦᠨ ᠮᠠᠯᠵᠢᠬᠤ ᠲᠦᠪᠯᠡᠷᠡᠭᠦᠯᠦᠨ ᠬᠠᠤᠯᠢ | ᠬᠡᠷᠡᠭᠵᠢᠭᠦᠯᠬᠦ ᠲᠤᠰᠬᠠᠢ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠡᠯ᠎ᠡ ᠵᠦᠢᠯ ᠤᠨ | ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠡᠯ᠎ᠡ ᠰᠤᠮᠤ ᠪᠠᠯᠭᠠᠰᠤ ᠲᠠᠯᠠᠪᠠᠶ ᠬᠢᠨ ᠵᠣᠬᠢᠴᠠᠭᠰᠠᠨ | ᠤᠳᠤᠷᠢᠳᠬᠤ ᠳᠤᠭᠤᠶᠢᠯᠠᠩ ᠪᠠ ᠠᠵᠢᠯ ᠤᠨ ᠲᠤᠰᠬᠠᠢ ᠠᠩᠭᠢ ᠪᠠᠶᠢᠭᠤᠯᠵᠤ᠂ ᠵᠣᠬᠢᠶᠠᠨ ᠪᠠᠶᠢᠭᠤᠯᠤᠯᠲᠠ ᠪᠠ | ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠲᠤᠰᠬᠠᠢ | ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠣᠯᠠᠬᠤ ᠬᠡᠷᠡᠭᠲᠡᠢ᠃ | ︵ᠬᠤᠶᠠᠷ︶ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠨ᠎ᠠ᠃ ᠬᠤᠰᠢᠭᠤᠨ ᠤ ᠪᠡᠯᠴᠢᠭᠡᠷᠯᠡᠭᠦᠯᠬᠦ ᠶᠢ | ᠴᠠᠭᠠᠵᠠᠯᠠᠵᠤ ᠰᠡᠯᠡᠭᠦᠨ ᠮᠠᠯᠵᠢᠬᠤ ᠲᠦᠪᠯᠡᠷᠡᠭᠦᠯᠦᠨ ᠬᠠᠤᠯᠢ ᠬᠡᠷᠡᠭᠵᠢᠭᠦᠯᠬᠦ ᠲᠤᠰᠬᠠᠢ ᠠᠵᠢᠯᠯᠠᠭ᠎ᠠ ᠶᠢᠨ ᠲᠤᠰᠬᠠᠢ | ᠠᠩᠭᠢ ᠬᠢᠨ ᠠᠵᠢᠯ ᠤᠨ ᠲᠥᠰᠥᠯ ᠲᠣᠭᠲᠠᠭᠠᠬᠤ᠂ ᠡᠭᠦᠷᠭᠡ ᠪᠠᠨ ᠲᠣᠳᠣᠷᠬᠠᠶᠢᠯᠠᠬᠤ᠂ ᠠᠷᠭ᠎ᠠ ᠬᠡᠮᠵᠢᠶ᠎ᠡ ᠪᠠᠨ | ᠲᠡᠭᠦᠯᠳᠡᠷᠵᠢᠭᠦᠯᠬᠦ ᠶᠢ ᠬᠠᠷᠢᠭᠤᠴᠠᠵᠤ᠂ ᠡᠯ᠎ᠡ ᠰᠤᠮᠤ ᠪᠠᠯᠭᠠᠰᠤ ᠲᠠᠯᠠᠪᠠᠶ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠵᠤ᠂ ᠬᠠᠤᠯᠢ ᠲᠣᠭᠲᠠᠭᠠᠯ ᠶᠣᠰᠣᠭᠠᠷ ᠲᠦᠪᠯᠡᠷᠡᠭᠦᠯᠦᠨ ᠬᠠᠤᠯᠢ ᠬᠡᠷᠡᠭᠵᠢᠭᠦᠯᠬᠦ ᠲᠤᠰᠬᠠᠢ | ᠠᠵᠢᠯᠯᠠᠭ᠎ᠠ ᠥᠷᠨᠢᠭᠦᠯᠦᠨ᠎ᠡ᠃ ᠡᠯ᠎ᠡ ᠰᠤᠮᠤ ᠪᠠᠯᠭᠠᠰᠤ ᠲᠠᠯᠠᠪᠠᠢ ᠬᠢᠨ ᠲᠣᠰ ᠬᠠᠷᠢᠶ᠎ᠠ ᠣᠷᠣᠨ ᠤ ᠪᠠᠨ ᠳᠣᠲᠣᠷᠠᠬᠢ | ᠪᠡᠯᠴᠢᠭᠡᠷᠯᠡᠭᠦᠯᠬᠦ ᠴᠠᠭᠠᠵᠠᠯᠠᠵᠤ ᠰᠡᠯᠡᠭᠦᠨ ᠮᠠᠯᠵᠢᠬᠤ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ | ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠶᠢ ᠬᠠᠷᠢᠭᠤᠴᠠᠵᠤ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠶᠢ ᠵᠣᠬᠢᠶᠠᠨ ᠪᠠᠶᠢᠭᠤᠯᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ | ᠠᠵᠢᠯ ᠢ ᠰᠠᠶᠢᠲᠤᠷ ᠥᠷᠨᠢᠭᠦᠯᠬᠦ ᠶᠢᠨ ᠬᠠᠮᠲᠤ᠂ ᠣᠶ ᠬᠠᠮᠠᠭᠠᠯᠠᠭᠴᠢ᠂ ᠡᠪᠡᠰᠦ ᠬᠠᠮᠠᠭᠠᠯᠠᠭᠴᠢ ᠶᠢ ᠬᠠᠮᠢᠶᠠᠷᠬᠤ | ᠠᠵᠢᠯ ᠢ ᠰᠠᠶᠢᠲᠤᠷ ᠬᠢᠵᠦ᠂ ᠡᠳᠦᠷ ᠲᠤᠲᠤᠮ ᠤᠨ ᠬᠠᠮᠢᠶᠠᠷᠴᠤ ᠬᠠᠮᠠᠭᠠᠯᠠᠬᠤ ᠠᠵᠢᠯ ᠢ ᠴᠢᠩᠭᠠᠳᠬᠠᠬᠤ ᠬᠡᠷᠡᠭᠲᠡᠢ᠃ | ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠬᠢᠨ ᠬᠠᠮᠢᠶ᠎ᠠ ᠪᠦᠬᠦᠢ ᠲᠣᠰᠬᠤᠨ ᠤ ᠳᠥᠷᠢᠮ ᠠᠷᠠᠳ ᠤᠨ ᠭᠡᠷ᠎ᠡ ᠶᠢ | ᠲᠣᠭᠲᠠᠭᠠᠨ ᠲᠡᠭᠦᠯᠳᠡᠷᠵᠢᠭᠦᠯᠵᠦ᠂ ᠣᠯᠠᠨ ᠲᠦᠮᠡᠨ ᠢ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠵᠦ᠂ | ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠰᠢᠶᠠᠯᠠᠨ ᠲᠡᠵᠢᠭᠡᠵᠦ ᠪᠡᠯᠴᠢᠭᠡᠷᠯᠡᠭᠦᠯᠬᠦ ᠶᠢ | ᠴᠠᠭᠠᠵᠠᠯᠠᠬᠤ ᠶᠢ ᠬᠡᠷᠡᠭᠵᠢᠭᠦᠯᠦᠨ᠂ ᠲᠣᠭᠲᠠᠭᠠᠯ ᠠᠴᠠ ᠵᠥᠷᠢᠴᠡᠨ ᠮᠠᠯᠵᠢᠬᠤ ᠦᠶᠯᠡ ᠠᠵᠢᠯᠯᠠᠭ᠎ᠠ ᠶᠢ ᠢᠳᠬᠠᠨ | ᠬᠤᠷᠢᠭᠯᠠᠵᠤ᠂ ᠬᠡᠷᠪᠡ ᠢᠳᠬᠠᠨ ᠬᠤᠷᠢᠭᠯᠠᠬᠤ ᠶᠢ ᠥᠯᠥ ᠰᠣᠨᠣᠰᠤᠭᠰᠠᠳ ᠪᠠᠶᠢᠪᠠᠯ ᠴᠠᠭ ᠲᠤᠬᠠᠢ ᠳᠤᠨᠢ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ | ︵ᠭᠤᠷᠪᠠ︶ ᠠᠵᠢᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠵᠠᠰᠠᠭ ᠤᠨ ᠣᠷᠳᠣᠨ ᠠᠴᠠ | ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ | ᠠᠵᠢᠯ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠵᠤ᠂ | ᠠᠵᠢᠯ ᠤᠨ ᠬᠡᠪ ᠤᠨ ᠡᠷᠭᠢᠯᠲᠡ ᠶᠢ ᠦᠨᠡᠨᠬᠦ ᠪᠠᠲᠣᠯᠠᠨ᠎ᠠ᠃ | ᠲᠠᠶᠢᠯᠤᠮᠵᠢ ᠬᠢᠭᠰᠡᠨ ᠪᠠᠶᠢᠭᠤᠯᠤᠮᠵᠢ᠄ ᠵᠠᠷᠤᠳ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ | ᠲᠠᠶᠢᠯᠪᠤᠷᠢᠯᠠᠭᠴᠢ᠄ ᠯᠢᠦ ᠴᠢᠶᠠᠩ | ᠲᠤᠰᠢᠶᠠᠯ᠄ ᠲᠣᠪᠴᠢᠶᠠᠨ ᠳᠠᠷᠤᠭ᠎ᠠ | ᠬᠠᠷᠢᠯᠴᠠᠬᠤ ᠤᠲᠠᠰᠤ᠄ 7222203 |