| ᠥᠨᠢᠳᠡ ᠶᠢᠨ ᠶᠡᠭᠡ ᠪᠣᠳᠣᠯᠭ᠎ᠠ ᠶᠢ ᠪᠡᠶᠡᠯᠡᠭᠦᠯᠬᠦ ᠳᠤ᠂ ᠰᠤᠷᠭᠠᠨ ᠬᠥᠮᠦᠵᠢᠯ ᠢᠶᠠᠷ ᠦᠨᠳᠦᠰᠦ ᠪᠣᠯᠭᠠᠨ᠎ᠠ᠃ | ᠣᠶᠢᠷ᠎ᠠ ᠶᠢᠨ ᠵᠢᠯ ᠳᠤ᠂ ᠵᠠᠷᠤᠳ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠪᠡᠯᠡ ᠣᠷᠣᠭᠤᠯᠤᠯᠲᠠ ᠪᠠᠨ | ᠨᠡᠮᠡᠭᠳᠡᠭᠦᠯᠵᠦ᠂ ᠲᠣᠭᠲᠠᠴᠠ ᠶᠢ ᠪᠠᠶᠢᠭᠤᠯᠤᠨ᠂ ᠬᠠᠮᠢᠶᠠᠷᠤᠯᠲᠠ ᠪᠠᠨ ᠴᠢᠩᠭᠠᠳᠬᠠᠵᠤ᠂ ᠪᠥᠬᠦ ᠬᠤᠰᠢᠭᠤᠨ ᠤ 149 | ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ | ᠪᠥᠬᠦ ᠲᠠᠯ᠎ᠠ ᠪᠠᠷ ᠲᠡᠭᠦᠯᠳᠡᠷᠵᠢᠭᠦᠯᠵᠦ᠂ ᠨᠠᠩ ᠰᠢᠨᠵᠢᠯᠡᠬᠦ ᠤᠬᠠᠭᠠᠨᠴᠢ᠂ ᠨᠠᠩ ᠡᠷᠬᠡ ᠲᠡᠭᠰᠢ᠂ ᠨᠠᠩ ᠴᠢᠨᠠᠷ ᠰᠠᠶᠢᠲᠠᠢ | ᠬᠥᠭᠵᠢᠯᠲᠡ ᠶᠢᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠠᠶᠢᠭᠤᠯᠤᠨ᠂ ᠪᠥᠬᠦ ᠬᠤᠰᠢᠭᠤᠨ ᠤ ᠰᠤᠷᠭᠠᠨ | ᠬᠥᠮᠦᠵᠢᠯ ᠤᠨ ᠪᠠᠶᠢᠷᠢᠰᠢᠭᠤᠯᠤᠯᠲᠠ ᠶᠢ ᠨᠠᠩ ᠵᠦᠢ ᠵᠣᠬᠢᠰᠲᠠᠢ ᠪᠣᠯᠭᠠᠵᠤ᠂ ᠰᠤᠷᠭᠠᠨ ᠬᠥᠮᠦᠵᠢᠯ ᠤᠨ ᠣᠷᠴᠢᠨ | ᠲᠣᠭᠤᠷᠢᠨ ᠢ ᠡᠳᠦᠷ ᠢᠷᠡᠬᠦᠶ᠎ᠡ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠲᠣᠭᠲᠠᠭᠤᠨ ᠢᠶᠠᠷ | ᠠᠬᠢᠭᠤᠯᠤᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | | | ︽ᠬᠤᠶᠠᠷ ᠢ ᠬᠦᠩᠭᠡᠷᠡᠭᠦᠯᠬᠦ︾ ᠠᠵᠢᠯ ᠪᠣᠯ ᠣᠶᠢᠷ᠎ᠠ ᠶᠢᠨ ᠬᠡᠳᠦᠨ ᠵᠢᠯ ᠤᠨ ᠳᠤᠮᠳᠠᠳᠤ ᠪᠠᠭ᠎ᠠ | ᠰᠤᠷᠭᠠᠭᠤᠯᠢ ᠨᠤᠭᠤᠳ ᠤᠨ ᠴᠢᠬᠤᠯᠠ ᠠᠴᠠ ᠴᠢᠬᠤᠯᠠ ᠠᠵᠢᠯ ᠮᠥᠨ᠂ ︽ᠬᠤᠶᠠᠷ ᠢ ᠬᠦᠩᠭᠡᠷᠡᠭᠦᠯᠬᠦ︾ ᠲᠥᠷᠥ ᠶᠢᠨ | ᠪᠣᠳᠣᠯᠭ᠎ᠠ ᠶᠢᠨ ᠠᠬᠤᠢ ᠪᠠᠶᠢᠳᠠᠯ ᠳᠣᠣᠷ᠎ᠠ᠂ ᠳᠠᠷᠤᠭᠠᠰᠤ ᠶᠢ ︽ᠬᠦᠩᠭᠡᠷᠡᠭᠦᠯᠬᠦ︾ ᠶᠢᠨ ᠳᠠᠭᠠᠣ ᠳᠤᠷ᠎ᠠ ᠰᠣᠨᠢᠷᠬᠠᠯ ᠢ | ︽ᠨᠡᠮᠡᠭᠳᠡᠭᠦᠯᠬᠦ︾ ᠪᠣᠯ ᠰᠤᠷᠤᠭᠴᠢᠳ ᠤᠨ ᠰᠤᠷᠤᠯᠴᠠᠬᠤ ᠪᠠ ᠦᠰᠦᠨ ᠪᠣᠶᠢᠵᠢᠬᠤ ᠶᠢᠨ ᠬᠡᠷᠡᠭᠴᠡᠭᠡ ᠮᠥᠨ᠃ | ᠡᠶᠢᠮᠦ ᠠᠴᠠ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠬᠢᠨ ᠥᠪᠡᠷᠮᠢᠴᠡ ᠣᠨᠴᠠᠯᠢᠭ ᠲᠠᠢ ᠣᠨᠴᠠ | ᠴᠢᠳᠠᠪᠤᠷᠢ ᠶᠢᠨ ᠠᠩᠭᠢ ᠡᠷᠬᠢᠯᠡᠵᠦ᠂ ᠰᠤᠷᠤᠭᠴᠢᠳ ᠤᠨ ᠤᠷᠮ᠎ᠠ ᠪᠠᠬ᠎ᠠ ᠪᠠ ᠤᠷ᠎ᠠ ᠴᠢᠳᠠᠪᠤᠷᠢ ᠶᠢ ᠬᠥᠮᠥᠵᠢᠭᠦᠯᠵᠦ᠂ | ᠣᠯᠠᠨ ᠲᠠᠯ᠎ᠠ ᠠᠴᠠ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠬᠦᠭᠵᠢᠭᠡᠪᠡ᠃ | ︽ᠵᠢᠭᠠᠨ ᠰᠤᠷᠭᠠᠯᠲᠠ ᠶᠢᠨ ᠠᠵᠢᠯ ᠤᠨ ᠳᠤᠮᠳᠠ᠂ ᠮᠠᠨ ᠤ ᠰᠤᠷᠭᠠᠭᠤᠯᠢ ᠳᠠᠰᠬᠠᠯ ᠤᠨ ᠬᠠᠮᠢᠶᠠᠷᠤᠯᠲᠠ ᠪᠠᠨ | ᠴᠢᠩᠭᠠᠳᠬᠠᠬᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠠᠵᠢᠯ ᠢᠶᠠᠷ ᠳᠠᠮᠵᠢᠨ᠂ | ᠬᠤᠶᠠᠷ ᠢ ᠬᠦᠩᠭᠡᠷᠡᠭᠦᠯᠬᠦ ᠠᠵᠢᠯ ᠢ ᠨᠠᠶᠢᠲᠠᠪᠣᠷᠢᠵᠢᠭᠤᠯᠬᠤ ᠶᠢ ᠠᠬᠢᠭᠤᠯᠪᠠ᠃ ᠣᠶᠢᠷ᠎ᠠ ᠶᠢᠨ ᠬᠡᠳᠦᠨ ᠵᠢᠯ ᠬᠤᠶᠠᠷ ᠢ | ᠬᠦᠩᠭᠡᠷᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠨ᠂ ᠬᠡᠦᠬᠡᠳ ᠤᠳ ᠲᠤ ᠬᠤᠶᠠᠷ ᠢ | ᠬᠦᠩᠭᠡᠷᠡᠭᠦᠯᠬᠦ ᠲᠥᠷᠥ ᠶᠢᠨ ᠪᠣᠳᠣᠯᠭ᠎ᠠ ᠶᠢᠨ ᠰᠤᠷᠭᠠᠭᠤᠯᠢ ᠶᠢᠨ ᠬᠦᠷᠢᠶᠡᠨ ᠳᠤ ᠰᠢᠨ᠎ᠡ ᠠᠮᠢᠵᠢᠷᠠᠯ ᠤᠨ ᠬᠦᠴᠦᠨ | ᠨᠡᠮᠡᠷᠢᠯᠡᠭᠰᠡᠨ ᠢ ᠦᠨᠡᠨᠬᠦ ᠮᠡᠳᠡᠷᠡᠭᠦᠯᠵᠦ᠂ ᠰᠤᠷᠭᠠᠭᠤᠯᠢ ᠶᠢ ᠦᠨᠡᠨ ᠬᠦ ᠬᠡᠦᠬᠡᠳ ᠤᠨ ᠰᠤᠷᠤᠯᠭ᠎ᠠ ᠠᠮᠢᠳᠤᠷᠠᠯ ᠤᠨ | ᠴᠡᠩᠭᠡᠯ ᠤᠨ ᠣᠷᠣᠨ ᠪᠣᠯᠭᠠᠭᠰᠠᠨ ᠪᠠᠶᠢᠨ᠎ᠠ︾ ᠭᠡᠵᠦ ᠯᠦᠪᠧᠢ ᠬᠤᠶᠠᠳᠤᠭᠠᠷ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ | ᠵᠢᠶᠠᠩ ᡁᠢ ᠰᠢᠨ ᠬᠡᠯᠡᠪᠡ᠃ | | | ᠴᠢᠶᠣᠤ ᠰᠾᠢ ᠬᠠᠨ ᠪᠣᠯ ᠯᠦᠪᠸᠢ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠪᠤᠳᠤᠭᠠᠷ ᠣᠨ ᠤ ᠲᠠᠪᠤᠳᠤᠭᠠᠷ | ᠠᠩᠭᠢ ᠶᠢᠨ ᠰᠤᠷᠤᠭᠴᠢ᠂ ︽ᠬᠤᠶᠠᠷ ᠢ ᠬᠦᠩᠭᠡᠷᠡᠭᠦᠯᠬᠦ︾ ᠠᠵᠢᠯ ᠢ ᠥᠷᠨᠢᠭᠦᠯᠬᠦ ᠠᠴᠠ ᠡᠮᠦᠨ᠎ᠡ ᠲᠡᠭᠦᠨ ᠤ | ᠰᠤᠷᠤᠯᠭ᠎ᠠ ᠶᠢᠨ ᠳᠠᠷᠤᠭᠠᠰᠤ ᠶᠡᠭᠡ ᠪᠠᠶᠢᠭᠰᠠᠨ ᠢᠶᠠᠷ ᠪᠠᠷᠠᠬᠤ ᠦᠭᠡᠢ᠂ ᠥᠪᠡᠷ ᠤᠨ ᠳᠤᠷ᠎ᠠ ᠰᠣᠨᠢᠷᠬᠠᠯ ᠢᠶᠠᠨ | ᠬᠦᠮᠦᠵᠢᠭᠦᠯᠬᠦ ᠴᠠᠭ ᠴᠤ ᠪᠠᠶᠢᠬᠤ ᠦᠭᠡᠢ ᠪᠠᠶᠢᠵᠠᠢ᠂ ᠣᠳᠣᠬᠠᠨ ᠳᠤ ᠬᠢᠴᠢᠶᠡᠯ ᠳᠠᠰᠬᠠᠯ ᠤᠨ ᠳᠠᠷᠤᠭᠠᠰᠤ ᠶᠢ | ᠬᠦᠩᠭᠡᠷᠡᠭᠦᠯᠦᠭᠰᠡᠨ ᠨᠢ ᠰᠤᠷᠤᠭᠴᠢᠳ ᠲᠤ ᠥᠷᠭᠡᠨ ᠳᠡᠯᠭᠡᠷ ᠳᠤᠷ᠎ᠠ ᠰᠣᠨᠢᠷᠬᠠᠯ ᠢᠶᠠᠨ ᠬᠥᠮᠥᠵᠢᠭᠦᠯᠬᠦ᠂ ᠥᠪᠡᠷ ᠤᠨ | ᠬᠠᠷᠠᠭ᠎ᠠ ᠪᠠᠨ ᠥᠷᠭᠡᠳᠬᠡᠬᠦ ᠨᠡᠩ ᠤᠯᠠᠨ ᠴᠠᠭ ᠪᠠ ᠤᠶᠤᠨ ᠴᠢᠳᠠᠯ ᠢ ᠣᠯᠭᠤᠭᠰᠠᠨ ᠢᠶᠠᠷ ᠪᠠᠷᠠᠬᠤ ᠦᠭᠡᠢ᠂ ᠪᠠᠰᠠ | ᠨᠡᠩ ᠤᠯᠠᠨ ᠬᠢᠴᠢᠶᠡᠯ ᠤᠨ ᠭᠠᠳᠠᠭᠤᠷᠬᠢ ᠮᠡᠳᠡᠯᠭᠡ ᠶᠢ ᠡᠵᠡᠮᠰᠢᠵᠦ᠂ ᠨᠡᠶᠢᠭᠡᠮ ᠢ ᠢᠯᠡᠭᠦᠬᠡᠨ ᠣᠶᠢᠯᠠᠭᠠᠵᠤ᠂ | ᠦᠢᠯᠡᠳᠦᠯᠭᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠪᠡ ᠭᠡᠪᠡ᠃ | ︽︿ᠬᠤᠶᠠᠷ ᠢ ᠬᠦᠩᠭᠡᠷᠡᠭᠦᠯᠬᠦ﹀ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠠᠮᠤᠭ ᠤᠨ | ᠠᠰᠢᠭ ᠬᠦᠷᠲᠡᠭᠴᠢ ᠨᠢ ᠪᠢᠳᠡ ᠪᠣᠯᠣᠨ᠎ᠠ᠂ ᠬᠢᠴᠢᠶᠡᠯ ᠳᠡᠭᠡᠷ᠎ᠡ ᠪᠢ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠬᠢᠴᠢᠶᠡᠯ | ᠰᠣᠨᠣᠰᠤᠨ᠎ᠠ᠂ ᠬᠢᠴᠢᠶᠡᠯ ᠤᠨ ᠳᠠᠷᠠᠭ᠎ᠠ ᠪᠢ ᠡᠯ᠎ᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ | ᠣᠷᠣᠯᠴᠠᠬᠤ ᠪᠤᠶᠤ ᠳᠤᠷᠠᠲᠠᠢ ᠨᠡᠶᠢᠭᠡᠮ ᠪᠦᠯᠬᠦᠮ ᠤᠨ ᠠᠵᠢᠯᠯᠠᠭ᠎ᠠ ᠳᠤ ᠣᠷᠣᠯᠴᠠᠬᠤ ᠴᠠᠭ ᠲᠠᠢ ᠪᠣᠯᠵᠠᠢ︾ ᠭᠡᠵᠦ | ᠴᠢᠶᠣᠤ ᠰᠾᠢ ᠬᠠᠨ ᠬᠡᠯᠡᠪᠡ᠃ | | | ᠡᠭᠦᠨ ᠠᠴᠠ ᠭᠠᠳᠠᠨ᠎ᠠ᠂ ᠵᠠᠷᠤᠳ ᠬᠤᠰᠢᠭᠤ ᠪᠠᠰᠠ ᠵᠢᠭᠠᠨ ᠰᠤᠷᠭᠠᠯᠲᠠ ᠶᠢᠨ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠬᠦ ᠲᠠᠯ᠎ᠠ ᠪᠠᠷ ᠬᠦᠴᠦ ᠲᠠᠯᠪᠢᠵᠤ ᠪᠠᠶᠢᠨ᠎ᠠ᠃ ᠮᠣᠳᠤ ᠰᠤᠷᠭᠠᠭᠤᠯᠢ ᠶᠢᠨ ᠬᠢᠨ ᠪᠦᠬᠦ ᠬᠤᠰᠢᠭᠤᠨ ᠤ | ᠰᠤᠷᠭᠠᠨ ᠬᠥᠮᠦᠵᠢᠯ ᠤᠨ ᠲᠤᠷᠤᠨ᠎ᠠ ᠶᠢᠨ ᠰᠠᠯᠬᠢᠨ ᠳᠤ ᠲᠦᠰᠢᠭᠯᠡᠨ᠂ ᠵᠢᠭᠠᠨ ᠰᠤᠷᠭᠠᠯᠲᠠ ᠶᠢᠨ ᠭᠡᠷ ᠰᠢᠨ᠎ᠡ ᠪᠠᠷ | ᠪᠠᠶᠢᠭᠤᠯᠵᠤ᠂ ᠵᠢᠭᠠᠨ ᠰᠤᠷᠭᠠᠯᠲᠠ ᠶᠢᠨ ᠲᠥᠬᠦᠭᠡᠷᠦᠮᠵᠢ ᠪᠠᠨ ᠰᠢᠨᠡᠳᠬᠡᠵᠦ᠂ ᠵᠢᠭᠠᠨ ᠰᠤᠷᠭᠠᠯᠲᠠ ᠶᠢᠨ ᠣᠷᠴᠢᠨ | ᠲᠣᠭᠤᠷᠢᠨ ᠢᠶᠠᠨ ᠰᠠᠶᠢᠵᠢᠷᠠᠭᠤᠯᠪᠠ᠂ ᠣᠳᠣᠬᠠᠨ ᠳᠤ ᠮᠤᠳᠤ ᠰᠤᠷᠭᠠᠭᠤᠯᠢ ᠶᠢᠨ ᠰᠤᠷᠤᠭᠴᠢᠳ ᠴᠤ ᠪᠠᠯᠭᠠᠰᠤᠨ ᠤ | ᠰᠤᠷᠤᠭᠴᠢᠳ ᠲᠠᠢ ᠠᠳᠠᠯᠢ ᠪᠠᠷ ᠮᠡᠳᠡᠭᠡ ᠵᠠᠩᠭᠢᠴᠢᠯᠠᠭᠰᠠᠨ᠂ ᠣᠶᠤᠨᠴᠢᠯᠠᠭᠰᠠᠨ ᠵᠢᠭᠠᠨ ᠰᠤᠷᠭᠠᠯᠲᠠ ᠶᠢᠨ | ᠲᠥᠬᠦᠭᠡᠷᠦᠮᠵᠢ ᠶᠢᠨ ᠵᠢᠭᠠᠨ ᠰᠤᠷᠭᠠᠯᠲᠠ ᠳᠤ ᠠᠪᠴᠢᠷᠠᠭᠰᠠᠨ ᠲᠦᠭᠦᠮ ᠳᠦᠳᠡ ᠢ ᠡᠳ᠋ᠯᠡᠵᠦ ᠪᠠᠶᠢᠨ᠎ᠠ᠃ | ᠰᠤᠷᠤᠭᠴᠢ ᠪᠠᠢ ᠮᠢᠨ ᠵᠢᠶᠦ᠋ᠨ᠄ ︽ᠰᠤᠷᠭᠠᠭᠤᠯᠢ ᠠᠴᠠ ᠪᠢᠳᠡᠨ ᠳᠤ ᠰᠠᠶᠢᠨ ᠰᠠᠶᠢᠬᠠᠨ ᠰᠤᠷᠤᠯᠴᠠᠬᠤ ᠣᠷᠴᠢᠨ | ᠲᠣᠭᠤᠷᠢᠨ ᠪᠤᠶ ᠪᠣᠯᠭᠠᠪᠠ᠂ ᠰᠢᠨ᠎ᠡ ᠵᠢᠭᠠᠨ ᠰᠤᠷᠭᠠᠬᠤ ᠠᠰᠠᠷ ᠲᠠᠢ ᠪᠣᠯᠤᠭᠰᠠᠨ ᠪᠥᠭᠡᠳ ᠪᠠᠰᠠ ᠣᠶᠤᠨᠴᠢ ᠰᠠᠮᠪᠠᠷ᠎ᠠ | ᠵᠡᠷᠭᠡ ᠵᠢᠭᠠᠨ ᠰᠤᠷᠭᠠᠬᠤ ᠲᠥᠬᠦᠭᠡᠷᠦᠮᠵᠢ ᠲᠠᠢ ᠪᠣᠯᠵᠠᠢ᠂ ᠡᠶᠢᠮᠦ ᠠᠴᠠ ᠵᠢᠷᠭᠤᠳᠤᠭᠠᠷ ᠣᠨ ᠤ ᠰᠤᠷᠤᠭᠴᠢ | ᠪᠣᠯᠤᠭᠰᠠᠨ ᠤ ᠬᠤᠪᠢ ᠳᠤ᠂ ᠡᠶᠢᠮᠦ ᠰᠤᠷᠤᠯᠴᠠᠬᠤ ᠣᠷᠴᠢᠨ ᠲᠣᠭᠤᠷᠢᠨ ᠳᠤ ᠪᠢ ᠨᠡᠩ ᠰᠠᠶᠢᠨ ᠰᠤᠷᠤᠯᠴᠠᠵᠤ᠂ | ᠲᠣᠮᠣ ᠪᠣᠯᠣᠭᠠᠳ ᠨᠤᠲᠤᠭ ᠤᠰᠤ ᠪᠠᠨ ᠪᠦᠲᠦᠭᠡᠨ ᠪᠠᠶᠢᠭᠤᠯᠵᠤ᠂ ᠨᠤᠲᠤᠭ ᠤᠰᠤ ᠪᠠᠨ ᠨᠡᠩ ᠭᠤᠶᠣ ᠰᠠᠶᠢᠬᠠᠨ | ᠪᠣᠯᠭᠠᠨ᠎ᠠ︾ ᠭᠡᠵᠦ ᠬᠡᠯᠡᠪᠡ᠃ | ᠮᠣᠳᠤ ᠰᠤᠷᠭᠠᠭᠤᠯᠢ ᠶᠢᠨ ᠵᠠᠬᠢᠷᠤᠯ ᠪᠦᠦ ᠪᠦᠬᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠣᠲᠣ ᠦᠶ᠎ᠡ ᠶᠢᠨ | ᠰᠤᠷᠭᠠᠨ ᠬᠥᠮᠦᠵᠢᠯ ᠤᠨ ᠬᠥᠭᠵᠢᠯᠲᠡ ᠳᠤ ᠵᠣᠬᠢᠴᠠᠭᠤᠯᠬᠤ ᠶᠢᠨ ᠲᠥᠯᠥᠭᠡ᠂ ᠣᠶᠢᠷ᠎ᠠ ᠶᠢᠨ ᠬᠡᠳᠦᠨ ᠵᠢᠯ ᠳᠤ᠂ ᠮᠣᠳᠤ | ᠰᠤᠷᠭᠠᠭᠤᠯᠢ ᠨᠡᠶᠢᠲᠡ 300 ᠭᠠᠷᠤᠢ ᠲᠦᠮᠡᠨ ᠲᠥᠭᠦᠷᠢᠭ ᠵᠠᠷᠤᠴᠠᠭᠤᠯᠵᠤ ᠪᠠᠶᠢᠭᠠᠳ ᠦᠨᠳᠦᠰᠦᠲᠡᠨ ᠤ ᠰᠣᠶᠣᠯ ᠤᠨ | ᠠᠭᠤᠯᠤᠭᠳᠠᠬᠤᠨ ᠢᠶᠠᠷ ᠪᠠᠶᠠᠯᠢᠭ ᠰᠤᠷᠭᠠᠭᠤᠯᠢ ᠶᠢᠨ ᠬᠦᠷᠢᠶᠡᠨ ᠤ ᠰᠣᠶᠣᠯ ᠢ ᠬᠦᠴᠦᠯᠡᠨ ᠪᠠᠶᠢᠭᠤᠯᠵᠤ᠂ ᠬᠡᠪ | ᠴᠢᠨᠠᠷ ᠤᠨ ᠰᠤᠷᠭᠠᠨ ᠬᠥᠮᠦᠵᠢᠯ ᠢ ᠶᠡᠭᠡ ᠪᠠᠷ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠰᠤᠷᠭᠠᠨ | ᠬᠥᠮᠦᠵᠢᠯ ᠤᠨ ᠵᠥᠷᠢᠶ᠎ᠡ ᠶᠢ ᠪᠠᠭᠠᠰᠬᠠᠪᠠ ᠭᠡᠪᠡ᠃ | 2023 ᠣᠨ ᠳᠤ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠲᠠᠢ ᠨᠢᠭᠲᠠ | ᠤᠶᠠᠯᠳᠤᠭᠤᠯᠵᠤ᠂ ᠰᠡᠳᠬᠢᠯ ᠨᠢᠭᠡᠳᠦᠨ ᠰᠦᠭ ᠰᠦᠯᠳᠡ ᠪᠠᠨ ᠴᠣᠭᠴᠠᠯᠠᠵᠤ᠂ ᠦᠵᠡᠯ ᠰᠠᠨᠠᠭ᠎ᠠ ᠪᠠᠨ ᠵᠡᠪᠰᠡᠭᠯᠡᠵᠦ᠂ | ᠨᠠᠮ ᠠᠴᠠ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠤᠷᠭᠠᠨ | ᠬᠥᠮᠦᠵᠢᠯ ᠢ ᠴᠢᠬᠤᠯᠠᠴᠢᠯᠠᠬᠤ ᠤᠭ ᠰᠠᠨᠠᠭ᠎ᠠ᠂ ᠰᠤᠷᠭᠠᠨ ᠬᠥᠮᠦᠵᠢᠯ ᠢ ᠬᠥᠭᠵᠢᠭᠦᠯᠬᠦ ᠬᠠᠲᠠᠭᠤ ᠵᠣᠷᠢᠭ᠂ ᠰᠤᠷᠭᠠᠨ | ᠬᠥᠮᠦᠵᠢᠯ ᠢ ᠰᠠᠶᠢᠲᠤᠷ ᠡᠷᠬᠢᠯᠡᠬᠦ ᠡᠷᠡᠰ ᠵᠣᠷᠢᠭ ᠢ ᠪᠠᠷᠢᠮᠲᠠᠯᠠᠵᠤ᠂ ᠢᠮᠠᠭᠲᠠ ᠰᠤᠷᠭᠠᠨ ᠬᠥᠮᠦᠵᠢᠯ ᠢ ︽ᠬᠠᠮᠤᠭ ᠤᠨ | ᠶᠡᠭᠡ ᠠᠷᠠᠳ ᠤᠨ ᠠᠮᠢᠳᠤᠷᠠᠯ︾ ᠢᠶᠠᠷ ᠦᠵᠡᠵᠦ᠂ ᠰᠢᠨ᠎ᠡ ᠶᠢ ᠡᠭᠦᠳᠬᠦ ᠶᠢ ᠪᠠᠷᠢᠮᠲᠠᠯᠠᠨ᠂ ᠲᠡᠮᠡᠴᠡᠯ ᠤᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ | ᠬᠥᠮᠥᠵᠢᠭᠦᠯᠬᠦ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠲᠡᠷᠢᠭᠦᠨ ᠤ ᠰᠤᠷᠭᠠᠭᠤᠯᠢ ᠶᠢᠨ | ᠬᠦᠷᠢᠶᠡᠨ ᠤ ᠣᠷᠴᠢᠨ ᠲᠣᠭᠤᠷᠢᠨ᠂ ᠲᠡᠷᠢᠭᠦᠨ ᠤ ᠪᠠᠭᠰᠢ ᠶᠢᠨ ᠡᠩᠨᠡᠭᠡ᠂ ᠲᠡᠷᠢᠭᠦᠨ ᠤ ᠵᠢᠭᠠᠨ ᠰᠤᠷᠭᠠᠯᠲᠠ ᠶᠢᠨ | ᠶᠠᠰᠤ ᠴᠢᠨᠠᠷ᠂ ᠲᠡᠷᠢᠭᠦᠨ ᠤ ᠰᠤᠷᠭᠠᠨ ᠬᠥᠮᠦᠵᠢᠯ ᠤᠨ ᠠᠮᠢ ᠠᠬᠤᠢ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠦ᠂ ᠵᠣᠷᠢᠭᠲᠠᠢ ᠪᠠᠷ | ᠡᠷᠡᠯᠬᠡᠭᠯᠡᠨ ᠤᠷᠤᠭᠰᠢᠯᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠰᠢᠨ᠎ᠡ ᠳᠦᠷᠰᠦ ᠪᠠᠶᠢᠳᠠᠯ ᠢ | ᠢᠯᠡᠷᠡᠭᠦᠯᠬᠦ ᠪᠠᠷ ᠴᠢᠷᠮᠠᠶᠢᠪᠠ᠃ | ︽ᠪᠢᠳᠠ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠡᠨᠡᠬᠦ ᠦᠨᠳᠦᠰᠦᠨ ᠡᠭᠦᠷᠭᠡ ᠶᠢᠨ ᠲᠣᠭᠤᠷᠢᠨ ᠳᠤ | ᠡᠯ᠎ᠡ ᠲᠦᠷᠦᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ | ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ︿ᠬᠤᠶᠠᠷ ᠢ ᠲᠦᠭᠡᠮᠡᠯᠵᠢᠭᠦᠯᠬᠦ ᠪᠠᠷᠢᠮᠵᠢᠶ᠎ᠠ ᠳᠤ | ᠬᠦᠷᠭᠡᠬᠦ ᠶᠢ ᠡᠭᠦᠳᠦᠨ ᠪᠠᠶᠢᠭᠤᠯᠬᠤ﹀ ᠪᠠᠷ ᠬᠠᠷᠠᠯᠲᠠ ᠪᠣᠯᠭᠠᠵᠤ᠂ ᠬᠡᠦᠬᠡᠳ ᠤᠨ ᠴᠡᠴᠡᠷᠯᠢᠭ ᠡᠷᠬᠢᠯᠡᠬᠦ ᠨᠥᠬᠦᠴᠡᠯ ᠢ | ᠰᠢᠯᠢᠳᠡᠭᠵᠢᠭᠦᠯᠵᠦ᠂ ᠴᠡᠴᠡᠷᠯᠢᠭ ᠡᠷᠬᠢᠯᠡᠬᠦ ᠶᠠᠰᠤ ᠴᠢᠨᠠᠷ ᠢ ᠳᠡᠭᠡᠭᠰᠢᠯᠡᠪᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠳᠤ ︿ᠢᠯᠡ ᠪᠠᠷ ᠰᠣᠷᠣᠭᠴᠢ ᠡᠯᠰᠡᠬᠦ﹀ ︿ᠢᠯᠡ ᠪᠠᠷ ᠠᠩᠭᠢ ᠬᠤᠪᠢᠶᠠᠬᠤ﹀ ᠠᠵᠢᠯ ᠢ | ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠭᠤᠥᠯᠴᠢ ᠪᠠᠶᠢᠬᠤ ᠶᠢ ᠪᠡᠶᠡᠯᠡᠭᠦᠯᠪᠡ᠃ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ᠂ ᠳᠤᠮᠳᠠᠳᠤ ᠰᠤᠷᠭᠠᠭᠤᠯᠢ ᠪᠠ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠪᠠᠨ ᠪᠠᠬᠢᠵᠢᠭᠦᠯᠵᠦ᠂ ᠰᠢᠯᠢᠳᠡᠭ ᠰᠣᠷᠣᠭᠴᠢ ᠶᠢᠨ ᠬᠦᠮᠦᠵᠢᠯ ᠢ | ᠴᠢᠩᠭᠠᠳᠬᠠᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠠᠬᠢ ᠭᠤᠣᠯᠳᠠᠯᠭ᠎ᠠ ᠲᠠᠢ ᠶᠡᠭᠡ ᠳᠡᠭᠡᠲᠦ | ᠰᠣᠷᠭᠠᠭᠤᠯᠢ ᠳᠤ ᠡᠯᠰᠡᠭᠳᠡᠬᠦ ᠨᠤᠷᠮ᠎ᠠ ᠢ ᠳᠡᠭᠡᠭᠰᠢᠯᠡᠭᠦᠯᠪᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ︿ | ᠠᠵᠢᠯ ᠣᠯᠭᠤᠯᠲᠠ + ᠰᠤᠷᠭᠠᠭᠤᠯᠢ ᠳᠡᠪᠰᠢᠬᠦ﹀ ᠶᠢ ᠨᠡᠪᠲᠡᠷᠡᠭᠦᠯᠦᠨ ᠬᠥᠮᠥᠵᠢᠭᠦᠯᠬᠦ ᠵᠠᠭᠪᠤᠷ ᠡᠭᠦᠳᠪᠡ᠃ ᠰᠢᠨ᠎ᠡ | ᠠᠶᠠᠨ ᠤ ᠪᠦᠷᠢᠶ᠎ᠡ ᠨᠢᠭᠡᠨᠲᠡ ᠬᠠᠩᠭᠢᠨᠠᠭᠤᠯᠵᠤ ᠪᠤᠢ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ | ᠲᠣᠪᠴᠢᠶ᠎ᠠ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠪᠠᠨ ᠱᠤᠭᠤᠵᠤ᠂ ᠨᠠᠮ ᠤᠨ ᠰᠤᠷᠭᠠᠨ ᠬᠥᠮᠦᠵᠢᠯ ᠤᠨ | ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠰᠢᠨ᠎ᠡ ᠶᠢ ᠡᠭᠦᠳᠬᠦ ᠶᠢ ᠪᠠᠷᠢᠮᠲᠠᠯᠠᠵᠤ᠂ | ᠡᠷᠡᠯᠬᠡᠭᠯᠡᠨ ᠲᠡᠮᠡᠴᠡᠵᠦ᠂ ᠵᠣᠷᠢᠭᠲᠠᠢ ᠤᠷᠤᠭᠰᠢᠯᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠨ᠎ᠡ︾ ᠭᠡᠵᠦ | ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ ᠪᠦᠦ ᠯᠢ ᠵᠢᠶᠦ᠋ᠨ ᠬᠡᠯᠡᠪᠡ᠃ | | | |