ᠵᠠᠷᠤᠳ ᠬᠤᠰᠢᠭᠤ 2023 ᠣᠨ ᠤ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠳᠤ ᠴᠡᠭᠴᠡᠯᠡᠯᠲᠡ ᠬᠢᠬᠦ ᠰᠢᠯᠭᠠᠨ ᠪᠠᠶᠢᠴᠠᠭᠠᠬᠤ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2023/5/23
    5 ᠰᠠᠷ᠎ᠠ ᠶᠢᠨ 21 ᠤ ᠡᠳᠦᠷ᠂ ᠵᠠᠷᠤᠳ ᠬᠤᠰᠢᠭᠤ 2023 ᠣᠨ ᠤ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠳᠤ ᠴᠡᠭᠴᠡᠯᠡᠯᠲᠡ ᠬᠢᠬᠦ ᠰᠢᠯᠭᠠᠨ ᠪᠠᠶᠢᠴᠠᠭᠠᠬᠤ ᠶᠡᠭᠡ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠦ᠋ ᠫᠧᠩ ᠹᠧᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠪᠦᠦ ᠯᠦᠩ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠶᠡᠭᠡ ᠬᠤᠷᠠᠯ ᠳᠤ ᠣᠷᠣᠯᠴᠠᠪᠠ᠃
43e945268fe5b48afa614fb1b1f495e.jpg
    ᠦᠳᠡ ᠶᠢᠨ ᠡᠮᠦᠨᠡᠬᠢ 10 ᠴᠠᠭ ᠲᠤ᠂ ᠰᠢᠯᠭᠠᠨ ᠪᠠᠶᠢᠴᠠᠭᠠᠬᠤ ᠶᠡᠭᠡ ᠬᠤᠷᠠᠯ ᠬᠠᠩᠭᠢᠨᠠᠮ᠎ᠠ ︽ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠴᠡᠷᠢᠭ ᠤᠨ ᠳᠠᠭᠤᠤ︾ ᠶᠢᠨ ᠳᠤᠮᠳᠠ ᠬᠥᠰᠢᠭᠡ ᠪᠠᠨ ᠰᠡᠬᠦᠵᠦ᠂ ᠲᠦᠭᠡᠷᠢᠯ ᠦᠩᠭᠡᠲᠦ ᠬᠤᠪᠴᠠᠰᠤ ᠡᠮᠦᠰᠦᠭᠰᠡᠨ ᠡᠷᠦᠬᠡ ᠶᠢᠨ ᠴᠡᠷᠢᠭ ᠤᠳ ᠣᠷᠭᠢᠯᠤᠮ᠎ᠠ ᠬᠠᠯᠠᠭᠤᠨ ᠰᠡᠳᠬᠢᠯᠭᠡ ᠪᠠᠷ᠂ ᠣᠮᠤᠭ ᠵᠣᠷᠢᠭ ᠪᠠᠳᠠᠷᠠᠩᠭᠤᠢ ᠪᠠᠷ ᠰᠢᠯᠭᠠᠨ ᠪᠠᠶᠢᠴᠠᠭᠠᠯᠲᠠ ᠬᠢᠬᠦ ᠶᠢ ᠬᠦᠯᠢᠶᠡᠨ ᠠᠪᠤᠪᠠ᠃
f65ea370112d1379c03bef2edca9c77.jpg
    ᠰᠢᠯᠭᠠᠨ ᠪᠠᠶᠢᠴᠠᠭᠠᠬᠤ ᠶᠡᠭᠡ ᠬᠤᠷᠠᠯ ᠳᠡᠭᠡᠷ᠎ᠡ᠂ ᠦ᠋ ᠫᠧᠩ ᠹᠧᠢ 2022 ᠣᠨ ᠤ ᠡᠷᠦᠬᠡ ᠶᠢᠨ ᠴᠡᠷᠢᠭ ᠤᠨ ᠪᠠᠶᠢᠭᠤᠯᠤᠯᠲᠠ ᠶᠢᠨ ᠠᠵᠢᠯ ᠢ ᠳ᠋ᠦᠩᠨᠡᠵᠦ᠂ 2023 ᠣᠨ ᠤ ᠡᠷᠦᠬᠡ ᠶᠢᠨ ᠴᠡᠷᠢᠭ ᠤᠨ ᠪᠠᠶᠢᠭᠤᠯᠤᠯᠲᠠ ᠶᠢᠨ ᠡᠭᠦᠷᠭᠡ ᠶᠢ ᠪᠠᠶᠢᠷᠢᠯᠠᠭᠤᠯᠵᠤ᠂ 2023 ᠣᠨ ᠤ ᠪᠣᠯᠪᠠᠰᠤᠷᠠᠯ ᠳᠤ ᠣᠷᠣᠯᠴᠠᠬᠤ ᠡᠲᠡᠭᠡᠳ ᠢ ᠲᠣᠳᠣᠷᠬᠠᠶᠢᠯᠠᠪᠠ᠃ ᠦ᠋ ᠫᠧᠩ ᠹᠧᠢ ᠵᠢᠭᠠᠪᠣᠷᠢᠯᠠᠭᠰᠠᠨ ᠨᠢ᠂ ᠡᠷᠦᠭᠡ ᠶᠢᠨ ᠴᠡᠷᠢᠭ ᠢ ᠴᠣᠭᠯᠠᠭᠤᠯᠤᠨ ᠰᠢᠯᠭᠠᠨ ᠪᠠᠶᠢᠴᠠᠭᠠᠯᠲᠠ ᠬᠢᠬᠦ ᠪᠣᠯ ᠡᠷᠦᠭᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠳᠤ ᠴᠡᠭᠴᠡᠯᠡᠯᠲᠡ ᠬᠢᠬᠦ ᠴᠢᠬᠤᠯᠠ ᠭᠤᠭᠴᠤᠭ᠎ᠠ ᠪᠣᠯᠣᠨ᠎ᠠ᠂ ᠡᠷᠦᠭᠡ ᠶᠢᠨ ᠴᠡᠷᠢᠭ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠪᠣᠯᠣᠨ ᠡᠷᠦᠭᠡ ᠶᠢᠨ ᠴᠡᠷᠢᠭ ᠤᠨ ᠪᠠᠶᠢᠷᠢᠨ ᠳᠤ ᠪᠠᠨ ᠪᠠᠶᠢᠬᠤ ᠨᠤᠷᠮ᠎ᠠ ᠶᠢ ᠰᠢᠯᠭᠠᠬᠤ ᠪᠦᠲᠦᠮᠵᠢᠲᠡᠢ ᠠᠷᠭ᠎ᠠ ᠪᠠᠷᠢᠯ ᠪᠣᠯᠣᠨ᠎ᠠ᠂ ᠡᠨᠡ ᠨᠢ ᠡᠷᠦᠭᠡ ᠶᠢᠨ ᠴᠡᠷᠢᠭ ᠤᠨ ᠲᠦᠷᠭᠡᠨ ᠲᠤᠰᠬᠠᠯ ᠭᠠᠷᠭᠠᠬᠤ ᠴᠢᠳᠠᠪᠤᠷᠢ ᠪᠣᠯᠣᠨ ᠳᠠᠷᠤᠭ᠎ᠠ ᠪᠠᠶᠢᠯᠳᠤᠭᠴᠢᠳ ᠤᠨ ᠲᠠᠨᠢᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠡᠷᠦᠭᠡ ᠶᠢᠨ ᠴᠡᠷᠢᠭ ᠤᠨ ᠶᠣᠰᠣᠯᠠᠯᠲᠤ ᠰᠡᠳᠬᠢᠯᠭᠡ ᠪᠣᠯᠣᠨ ᠢᠷᠠᠭᠤ ᠠᠯᠳᠠᠷ ᠤᠨ ᠰᠡᠳᠬᠢᠯᠭᠡ ᠶᠢ ᠨᠡᠮᠡᠭᠳᠡᠭᠦᠯᠬᠦ ᠳᠤ ᠴᠢᠬᠤᠯᠠ ᠦᠢᠯᠡᠳᠦᠯ ᠲᠠᠢ ᠶᠤᠮ᠃ 2022 ᠣᠨ ᠪᠠ 2023 ᠣᠨ ᠳᠤ᠂ ᠪᠥᠬᠦ ᠬᠤᠰᠢᠭᠤᠨ ᠤ ᠡᠷᠦᠬᠡ ᠶᠢᠨ ᠴᠡᠷᠢᠭ ᠤᠨ ᠠᠵᠢᠯ ᠲᠦᠩᠯᠢᠶᠣᠣ ᠶᠢᠨ ᠴᠡᠷᠢᠭ ᠤᠨ ᠬᠤᠪᠢᠶᠠᠷᠢ ᠲᠣᠭᠤᠷᠢᠭ ᠪᠠ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠰᠤᠮᠤ ᠪᠠᠯᠭᠠᠰᠤ ᠲᠠᠯᠠᠪᠠᠶ᠂ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠵᠠᠷᠣᠳ ᠲᠤ ᠰᠠᠭᠤᠭ᠎ᠠ ᠲᠥᠪ ᠣᠷᠣᠨ ᠬᠤᠲᠠ ᠶᠢᠨ ᠰᠢᠭᠤᠳ ᠬᠠᠷᠢᠶ᠎ᠠ ᠨᠢᠭᠡᠴᠡ᠂ ᠬᠠᠷᠢᠶᠠᠲᠤ ᠣᠷᠣᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠬᠤᠪᠢ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠦᠴᠦᠲᠡᠢ ᠳᠡᠮᠵᠢᠯᠭᠡ ᠳᠣᠣᠷ᠎ᠠ᠂ ᠡᠷᠦᠬᠡ ᠶᠢᠨ ᠴᠡᠷᠢᠭ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠳᠠᠷᠠᠭᠠᠴᠢ ᠶᠢᠨ ᠠᠯᠬᠤᠮ ᠳᠤ᠂  ᠦᠨᠳᠦᠰᠦᠨ ᠡᠷᠦᠬᠡ ᠶᠢᠨ ᠴᠡᠷᠢᠭ ᠤᠨ ᠪᠣᠯᠪᠠᠰᠤᠷᠠᠯ᠂ ᠤᠯᠤᠰ ᠲᠦᠷᠦ ᠶᠢᠨ ᠬᠥᠮᠦᠵᠢᠯ᠂ ᠰᠤᠷᠭᠠᠭᠴᠢ ᠶᠢᠨ ᠡᠷᠳᠡᠮ ᠤᠨ ᠮᠥᠷᠥᠶᠢᠴᠡᠭᠡᠨ᠂ ᠡᠷᠦᠬᠡ ᠶᠢᠨ ᠴᠡᠷᠢᠭ ᠤᠨ ᠡᠷᠳᠡᠮ ᠤᠨ ᠮᠥᠷᠥᠶᠢᠴᠡᠭᠡᠨ ᠵᠡᠷᠭᠡ ᠠᠵᠢᠯ ᠢ ᠭᠤᠣᠯᠳᠠᠯᠭ᠎ᠠ ᠲᠠᠢ ᠴᠢᠩᠭᠠᠳᠬᠠᠬᠤ ᠬᠡᠷᠡᠭᠲᠡᠢ ᠭᠡᠪᠡ᠃    ᠣᠶᠢᠯᠠᠭᠠᠭᠰᠠᠨ ᠢᠶᠠᠷ᠂ ᠡᠨᠡ ᠵᠢᠯ ᠤᠨ ᠴᠣᠭᠯᠠᠭᠤᠯᠤᠨ ᠪᠣᠯᠪᠠᠰᠤᠷᠠᠭᠤᠯᠬᠤ ᠠᠵᠢᠯ ᠢ 6 ᠠᠴᠠ 9 ᠰᠠᠷ᠎ᠠ ᠳᠤ ᠲᠣᠬᠢᠷᠠᠭᠤᠯᠵᠤ᠂ ᠭᠤᠣᠯᠳᠠᠭᠤ ᠰᠠᠭᠤᠷᠢᠨ ᠭᠠᠵᠠᠷ ᠲᠤ ᠲᠥᠪᠯᠡᠷᠡᠭᠦᠯᠦᠨ ᠪᠣᠯᠪᠠᠰᠤᠷᠠᠭᠤᠯᠬᠤ᠂ ᠠᠵᠢᠯ ᠤᠨ ᠪᠠᠶᠢᠷᠢᠨ ᠳᠤ ᠪᠣᠯᠪᠠᠰᠤᠷᠠᠭᠤᠯᠬᠤ᠂ ᠪᠣᠯᠪᠠᠰᠤᠷᠠᠯ ᠢ ᠠᠯᠪᠠᠯᠠᠬᠤ ᠪᠠᠷ ᠣᠷᠣᠯᠠᠭᠤᠯᠬᠤ᠂ ᠬᠠᠮᠲᠤᠷᠠᠨ ᠪᠣᠯᠪᠠᠰᠤᠷᠠᠭᠤᠯᠵᠤ ᠬᠠᠮᠲᠤᠷᠠᠨ ᠰᠣᠷᠢᠯᠲᠠ ᠬᠢᠬᠦ ᠵᠡᠷᠭᠡ ᠬᠡᠯᠪᠡᠷᠢ ᠪᠠᠷ ᠶᠠᠪᠤᠭᠳᠠᠭᠤᠯᠤᠨ᠎ᠠ᠃    ᠶᠡᠭᠡ ᠬᠤᠷᠠᠯ ᠠᠴᠠ ︽ᠡᠷᠦᠬᠡ ᠶᠢᠨ ᠴᠡᠷᠢᠭ ᠤᠨ ᠺᠠᠳ᠋ᠷ ᠭᠤᠣᠯᠯᠠᠭᠴᠢ ᠬᠦᠴᠦᠨ ᠤ ᠲᠤᠰᠢᠶᠠᠯ ᠡᠭᠦᠷᠭᠡᠯᠡᠬᠦ ᠵᠠᠷᠯᠢᠭ︾  ᠢ  ᠣᠩᠰᠢᠪᠠ᠃ ︽ᠡᠩᠨᠡᠭᠡ ᠳᠤ ᠣᠷᠣᠬᠤ ᠪᠠ ᠭᠠᠷᠬᠤ ᠬᠥᠮᠥᠰ ᠤᠨ ᠨᠡᠷᠡᠰ︾ ᠢ ᠨᠡᠶᠢᠲᠡᠯᠡᠵᠦ᠂ ᠡᠷᠦᠬᠡ ᠶᠢᠨ ᠴᠡᠷᠢᠭ ᠬᠠᠮᠲᠤ ᠪᠠᠷ ᠲᠠᠩᠭᠠᠷᠢᠭᠯᠠᠭᠰᠠᠨ ᠤ ᠳᠠᠷᠠᠭ᠎ᠠ ᠡᠷᠦᠬᠡ ᠶᠢᠨ ᠴᠡᠷᠢᠭ ᠤᠨ ᠲᠥᠯᠥᠭᠡᠯᠡᠭᠴᠢ ᠦᠭᠡ ᠬᠡᠯᠡᠪᠡ᠃ ᠶᠡᠭᠡ ᠬᠤᠷᠠᠯ ᠠᠴᠠ ᠪᠠᠰᠠ ᠲᠡᠷᠢᠭᠦᠨ ᠤ ᠨᠢᠭᠡᠴᠡ ᠪᠣᠯᠣᠨ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号