5 ᠰᠠᠷ᠎ᠠ ᠶᠢᠨ 22 ᠤᠨ ᠡᠳᠦᠷ᠂ ᠦᠯᠵᠡᠶᠢᠮᠦ᠋ᠷᠡᠨ ᠰᠤᠮᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠢᠪᠡ᠃ ᠬᠤᠷᠠᠯ ᠠᠴᠠ ᠴᠢᠬᠤᠯᠠᠴᠢᠯᠠᠭᠰᠠᠨ ᠨᠢ᠂ | ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠣᠯ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠪᠦᠲᠦᠭᠡᠨ ᠪᠠᠶᠢᠭᠤᠯᠬᠤ ᠴᠢᠬᠤᠯᠠ ᠭᠠᠷᠳᠠᠴᠠ ᠮᠦᠨ᠃ ᠡᠷᠬᠡᠪᠰᠢ ᠬᠥᠳᠡᠭᠡ ᠲᠣᠰᠬᠤᠨ ᠤ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠠᠪᠤᠳᠠᠯ ᠢ ᠨᠢᠭᠡᠨ ᠴᠢᠬᠤᠯᠠ ᠤᠯᠤᠰ ᠲᠥᠷᠥ ᠶᠢᠨ | ᠡᠭᠦᠷᠭᠡ ᠪᠣᠯᠭᠠᠵᠤ᠂ ᠠᠶᠢᠯ ᠲᠣᠰᠬᠤᠨ ᠤ ᠳᠣᠲᠣᠨ᠎ᠠ ᠭᠠᠳᠠᠨ᠎ᠠ᠂ ᠭᠡᠷ ᠪᠠᠶᠢᠰᠢᠩ ᠤᠨ ᠠᠷᠤ ᠦᠪᠤᠷ᠂ ᠵᠡᠭᠡᠯᠢ | ᠭᠤᠳᠤᠮᠵᠢ ᠳᠠᠭᠠᠤ ᠶᠢᠨ ᠠᠷᠢᠭᠤᠨ ᠴᠡᠪᠡᠷ ᠢ ᠪᠥᠬᠦ ᠲᠠᠯ᠎ᠠ ᠪᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠥᠬᠦ | ᠰᠤᠮᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠰᠢᠨ᠎ᠡ ᠨᠢᠭᠡᠨ ᠳᠡᠭᠲᠡᠷ ᠲᠤ ᠭᠠᠷᠬᠤ ᠶᠢ ᠦᠨᠡᠨᠬᠦ ᠪᠠᠲᠤᠯᠠᠵᠤ | ᠂ ᠬᠥᠮᠥᠨ ᠪᠣᠯᠭᠠᠨ ᠠᠷᠢᠭᠤᠨ ᠴᠡᠪᠡᠷ ᠢ ᠡᠷᠬᠢᠮᠯᠡᠬᠦ᠂ ᠣᠷᠴᠢᠨ ᠲᠣᠭᠤᠷᠢᠨ ᠢ ᠬᠠᠶᠢᠷᠠᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠴᠢᠷᠮᠠᠶᠢᠨ ᠪᠣᠶ ᠪᠣᠯᠭᠠᠵᠤ᠂ ᠬᠠᠷᠢᠶᠠᠲᠤ ᠣᠷᠣᠨ ᠤ ᠣᠯᠠᠨ ᠲᠦᠮᠡᠨ ᠳᠤ ᠣᠷᠣᠰᠢᠨ ᠰᠠᠭᠤᠬᠤ ᠳᠤ | ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠪᠡ᠃ | | | |