ᠲᠦᠩᠯᠢᠶᠣᠣ ᠬᠤᠳᠠ ᠶᠢᠨ ᠨᠠᠮ ᠤᠨ ᠬᠤᠷᠢᠶ᠎ᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠬᠢᠨ ᠵᠠᠷᠤᠳ ᠬᠤᠰᠢᠭᠤᠨ ᠳᠤ ᠢᠷᠡᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2023/5/24
    5 ᠰᠠᠷ᠎ᠠ ᠶᠢᠨ 22 ᠤᠨ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠱᠢ ᠾᠧᠦ ᠴᠦᠨ ᠱᠠᠭᠠᠷᠳᠠᠨ ᠪᠠᠶᠢᠴᠠᠭᠠᠬᠤ ᠳᠤᠭᠤᠶᠢᠯᠠᠩ ᠬᠢᠨ ᠢ ᠳᠠᠭᠠᠭᠤᠯᠤᠨ ᠵᠠᠷᠤᠳ ᠬᠤᠰᠢᠭᠤᠨ ᠳᠤ ᠢᠷᠡᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠦ᠋ ᠴᠢᠩ ᠬᠠᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠸᠧ ᠮᠢᠩ ᠢᠦᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠪᠦᠦ ᠯᠦᠩ᠂ ᠵᠠᠩ ᠶᠦᠩ ᠴᠢᠶᠠᠩ᠂ ᠵᠠᠩ ᠴᠦᠨ ᠬᠤᠶ᠂ ᠶᠠᠩ ᠵᠧᠨ ᠴᠢᠩ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠯ᠎ᠡ ᠠᠵᠢᠯ ᠤᠨ ᠵᠥᠪᠯᠡᠯ ᠤᠨ ᠬᠠᠷᠢᠭᠤᠴᠠᠯᠭᠠᠲᠠᠨ᠂ ᠵᠠᠷᠢᠮ ᠬᠤᠲᠠ ᠶᠢᠨ ᠲᠠᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ᠎ᠠ ᠪᠣᠯᠵᠤ ᠱᠠᠭᠠᠷᠳᠠᠨ ᠪᠠᠶᠢᠴᠠᠭᠠᠭᠰᠠᠨ ᠪᠤᠶᠤ ᠰᠠᠭᠤᠳᠠᠯ ᠤᠨ ᠬᠤᠷᠠᠯ ᠳᠤ ᠣᠷᠣᠯᠴᠠᠪᠠ᠃
8bb6c03f9562f105429b5fa25c125da.jpg
    ᠱᠢ ᠾᠧᠦ ᠴᠦᠨ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠵᠢᠷᠦᠬᠡ ᠪᠠᠯᠭᠠᠰᠤ ᠶᠢᠨ ᠠᠷᠠᠳ ᠤᠨ ᠠᠮᠢᠳᠤᠷᠠᠯ ᠤᠨ ᠪᠣᠳᠠᠲᠤ ᠲᠦᠷᠦᠯ ᠵᠦᠢᠯ ᠤᠨ ᠶᠦᠩ ᠰᠢᠨ ᠲᠣᠰᠬᠤᠨ ᠤ  ᠠᠭᠤᠯᠠ ᠶᠢᠨ ᠦᠶᠡᠷ ᠡᠪᠳᠡᠭᠳᠡᠭᠰᠡᠨ ᠭᠤᠤ ᠰᠤᠪᠠᠭ ᠢ ᠵᠠᠰᠠᠬᠤ ᠠᠵᠢᠯ ᠤᠨ ᠠᠬᠤᠢ ᠲᠠᠯᠠᠪᠠᠢ᠂ ᠵᠢᠷᠦᠬᠡ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠮᠠᠯ ᠠᠵᠤ ᠠᠬᠤᠢ ᠶᠢᠨ ᠮᠡᠳᠡᠯᠭᠡ ᠶᠢᠨ ᠬᠢᠴᠢᠶᠡᠯ ᠤᠨ ᠲᠠᠩᠬᠢᠮ᠂ ᠯᠦᠪᠧᠢ ᠪᠠᠯᠭᠠᠰᠤ ᠶᠢᠨ ︽ᠠᠷᠠᠳ ᠤᠨ ᠲᠥᠯᠥᠭᠡᠯᠡᠭᠴᠢᠳ ᠤᠨ ᠭᠡᠷ ᠪᠦᠯᠢ︾ ᠳᠤ ᠬᠦᠷᠴᠦ ᠲᠤᠬᠠᠢ ᠶᠢᠨ ᠭᠠᠵᠠᠷ ᠲᠤᠨᠢ ᠰᠤᠷᠪᠣᠯᠵᠢᠯᠠᠬᠤ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ᠂ ᠭᠡᠷᠡᠴᠢ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠦᠢᠯ ᠢ ᠬᠡᠷᠡᠭᠵᠢᠭᠦᠯᠦᠭᠰᠡᠨ᠂ ︽ᠠᠷᠠᠳ ᠤᠨ ᠲᠥᠯᠥᠭᠡᠯᠡᠭᠴᠢᠳ ᠤᠨ ᠭᠡᠷ ᠪᠦᠯᠢ ︾ ᠶᠢᠨ ᠪᠠᠶᠢᠭᠤᠯᠤᠯᠲᠠ᠂ ᠲᠥᠯᠥᠭᠡᠯᠡᠭᠴᠢᠳ ᠤᠨ ᠳᠤᠭᠤᠶᠢᠯᠠᠩ ᠤᠨ ᠠᠵᠢᠯᠯᠠᠭ᠎ᠠ ᠦᠷᠨᠢᠭᠦᠯᠦᠭᠰᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠵᠡᠷᠭᠡ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃
8e254baf0dc956c95388fa76f89867b.jpg
    ᠳᠠᠷᠠᠭ᠎ᠠ ᠨᠢ ᠬᠢᠭᠰᠡᠨ ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠣᠷᠣᠨ ᠲᠤᠭ᠎ᠠ ᠶᠢᠨ ᠠᠯᠪᠠᠨ ᠭᠡᠷ᠂ ᠨᠠᠮ ᠤᠨ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠠᠵᠢᠯ ᠤᠨ ᠵᠦᠪᠯᠡᠯ ᠤᠨ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠵᠤ ᠶᠠᠷᠢᠶ᠎ᠡ ᠲᠠᠯᠪᠢᠪᠠ᠃    ᠱᠢ ᠾᠧᠦ ᠴᠦᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠭᠦᠢᠴᠡᠳ ᠰᠤᠷᠤᠯᠴᠠᠵᠤ᠂ ᠭᠦᠢᠴᠡᠳ ᠲᠠᠨᠢᠵᠤ᠂ ᠭᠦᠢᠴᠡᠳ ᠡᠵᠡᠮᠰᠢᠵᠦ᠂ ᠭᠦᠢᠴᠡᠳ ᠨᠠᠶᠢᠳᠠᠪᠤᠷᠢᠵᠢᠭᠤᠯᠪᠠ ᠭᠡᠵᠦ ᠦᠵᠡᠪᠡ᠃ ᠲᠡᠷᠡ ᠴᠢᠬᠤᠯᠠᠴᠢᠯᠠᠭᠰᠠᠨ ᠨᠢ᠂ ᠳᠠᠷᠠᠭᠠᠴᠢ ᠶᠢᠨ ᠠᠯᠬᠤᠮ ᠳᠤ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠪᠣᠯᠣᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠡᠩ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠰᠤᠷᠣᠯᠴᠠᠬᠤ ᠠᠭᠤᠷ ᠠᠮᠢᠰᠬᠤᠯ ᠢ ᠪᠤᠢ ᠪᠣᠯᠭᠠᠬᠤ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠨᠡᠩ ᠰᠠᠶᠢᠨ ᠨᠥᠬᠦᠴᠡᠯ ᠪᠦᠷᠢᠯᠳᠦᠭᠦᠯᠵᠦ ᠨᠡᠩ ᠰᠢᠯᠢᠳᠡᠭ ᠠᠭᠤᠷ ᠠᠮᠢᠰᠬᠤᠯ ᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号