ᠵᠠᠷᠤᠳ ᠬᠤᠰᠢᠭᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠬᠢᠨ ᠰᠣᠶᠣᠯ ᠵᠢᠭᠤᠯᠴᠢᠯᠠᠯ  ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠰᠠᠭᠤᠳᠠᠯ ᠤᠨ ᠬᠤᠷᠠᠯ  ᠬᠢᠪᠡ
ᠨᠡᠶᠢᠲᠡᠯᠡᠭᠰᠡᠨ ᠴᠠᠭ᠄
2023/5/24
    5 ᠰᠠᠷ᠎ᠠ ᠶᠢᠨ 23 ᠤ ᠡᠳᠦᠷ᠂ ᠵᠠᠷᠤᠳ ᠬᠤᠰᠢᠭᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ  ᠬᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠢᠦᠢ ᠹᠦ᠋ ᠬᠤᠷᠠᠯ ᠳᠤ ᠣᠷᠣᠯᠴᠠᠪᠠ᠃ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
b2a45e22e5f015681a181c473e5250f.jpg
    ᠬᠤᠷᠠᠯ ᠳᠡᠭᠡᠷ᠎ᠡ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠳ ᠥᠪᠡᠷ ᠥᠪᠡᠷ ᠤᠨ ᠰᠠᠨᠠᠯ ᠢᠶᠠᠨ ᠶᠠᠷᠢᠵᠤ᠂ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠦᠨᠡᠨ ᠠᠴᠠ ᠵᠥᠪ ᠢ ᠡᠷᠢᠬᠦ ᠣᠪᠣᠷ ᠢᠶᠠᠷ ᠲᠣᠳᠣᠷᠬᠠᠶᠢᠯᠠᠨ ᠥᠭᠦᠯᠡᠪᠡ᠃ ᠯᠢᠦ ᠶᠦᠩ᠂ ᠯᠢ ᠢᠦᠢ ᠹᠦ᠋ ᠤᠯᠠᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠪᠠᠶᠢᠨ ᠳᠠᠬᠢᠨ ᠰᠠᠨᠠᠯ ᠢᠶᠠᠨ ᠰᠣᠯᠢᠯᠴᠠᠵᠤ᠂ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠪᠠ᠃    ᠯᠢᠦ ᠶᠦᠩ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠢ ᠲᠠᠨᠢᠵᠤ᠂ ᠦᠵᠡᠯ ᠰᠠᠨᠠᠭ᠎ᠠ ᠪᠠᠨ ᠨᠢᠭᠡᠳᠬᠡᠨ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠣᠷᠣᠨ ᠪᠦᠰᠡ ᠳᠠᠬᠢ ᠥᠷᠢᠰᠦᠯᠳᠦᠭᠡᠨ ᠢ ᠳᠡᠭᠡᠭᠰᠢᠯᠡᠭᠦᠯᠬᠦ ᠰᠢᠨ᠎ᠡ ᠳᠠᠪᠠᠭᠤᠯᠢᠭ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠰᠢᠨ᠎ᠡ ᠬᠥᠳᠡᠯᠭᠡᠬᠦ ᠬᠦᠴᠦᠨ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠰᠢᠨ᠎ᠡ ᠬᠢᠯᠠᠰ ᠴᠡᠭ ᠪᠣᠯᠭᠠᠨ ᠬᠥᠭᠵᠢᠭᠦᠯᠬᠦ ᠪᠠᠷ ᠴᠢᠷᠮᠠᠶᠢᠬᠤ ᠬᠡᠷᠡᠭᠲᠡᠢ᠃ ᠬᠠᠷᠠᠯᠲᠠ ᠪᠠᠨ ᠴᠢᠩᠭ᠎ᠠ ᠠᠩᠬᠠᠷᠴᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠣᠶᠣᠯ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠲᠠᠢ ᠢᠨᠵᠧᠨᠧᠷᠢᠩ ᠪᠣᠯᠭᠠᠵᠤ᠂ ᠰᠣᠶᠣᠯ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠪᠠᠷ ᠭᠤᠣᠯ ᠠᠷᠭ᠎ᠠ ᠪᠠᠷᠢᠯ ᠪᠣᠯᠭᠠᠵᠤ᠂ ᠬᠥᠳᠡᠭᠡ ᠲᠣᠰᠬᠤᠨ ᠤ ᠵᠢᠭᠤᠯᠴᠢᠯᠠᠯ ᠢ ᠶᠡᠭᠡ ᠪᠠᠷ ᠬᠥᠭᠵᠢᠭᠦᠯᠬᠦ ᠪᠠᠷ ᠰᠢᠨ᠎ᠡ ᠰᠢᠪᠲᠤᠯᠤᠯᠲᠠ ᠶᠢᠨ ᠴᠡᠭ ᠪᠣᠯᠭᠠᠵᠤ᠂ ᠵᠠᠷᠤᠳ ᠬᠤᠰᠢᠭᠤᠨ ᠤ ᠥᠪᠡᠷᠮᠢᠴᠡ ᠣᠨᠴᠠᠯᠢᠭ ᠪᠦᠬᠦᠢ ᠲᠡᠦᠬᠡ ᠰᠣᠶᠣᠯ᠂ ᠠᠮᠢ ᠠᠬᠤᠢ ᠶᠢᠨ ᠰᠣᠶᠣᠯ᠂ ᠢᠳᠡᠭᠡᠨ ᠤᠮᠳᠠᠭᠠᠨ ᠤ ᠰᠣᠶᠣᠯ᠂ ᠬᠤᠪᠴᠠᠰᠤ ᠵᠠᠰᠠᠯ ᠤᠨ ᠰᠣᠶᠣᠯ ᠢ ᠭᠦᠨᠵᠡᠭᠡᠢ ᠠᠭᠤᠳᠠᠯᠤᠨ ᠡᠮᠬᠢᠯᠡᠵᠦ᠂ ᠰᠣᠶᠣᠯ ᠵᠢᠭᠤᠯᠴᠢᠯᠠᠯ ᠤᠨ ᠦᠢᠯᠡᠰ ᠤᠨ ᠲᠦᠷᠭᠡᠨ ᠬᠥᠭᠵᠢᠯᠲᠡ ᠪᠠᠷ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃    ᠯᠢᠦ ᠶᠦᠩ ᠱᠠᠭᠠᠷᠳᠠᠭᠰᠠᠨ ᠨᠢ᠂ ᠵᠢᠭᠤᠯᠴᠢᠯᠠᠯ ᠤᠨ ᠲᠠᠩ ᠴᠣᠯᠭᠤᠢ ᠲᠥᠯᠦᠪᠵᠢᠭᠦᠯᠭᠡ ᠠᠴᠠ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠲᠥᠯᠦᠪᠵᠢᠭᠦᠯᠭᠡ ᠳᠠᠰᠢ ᠬᠤᠪᠢᠷᠠᠭᠤᠯᠬᠤ ᠶᠢ ᠠᠬᠢᠭᠤᠯᠵᠤ᠂ ᠵᠢᠭᠤᠯᠴᠢᠯᠠᠭᠴᠢᠳ ᠤᠨ ︽ᠬᠢᠵᠠᠭᠠᠷ ᠠᠴᠠ ᠦᠩᠭᠡᠷᠡᠬᠦ ᠵᠢᠭᠤᠯᠴᠢᠯᠠᠯ︾  ᠠᠴᠠ ︽ᠪᠠᠭᠤᠵᠤ ᠬᠤᠨᠣᠭᠯᠠᠬᠤ ᠵᠢᠭᠤᠯᠴᠢᠯᠠᠯ︾ ᠳᠠᠰᠢ ᠬᠤᠪᠢᠷᠠᠭᠤᠯᠬᠤ ᠶᠢ ᠲᠦᠷᠭᠡᠳᠬᠡᠨ ᠪᠡᠶᠡᠯᠡᠭᠦᠯᠵᠦ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ᠂ ᠣᠷᠣᠯᠴᠠᠬᠤ ᠮᠠᠶ᠋ᠢᠭ ᠤᠨ ᠰᠣᠳᠣᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠠᠷᠠᠳ ᠤᠨ ᠵᠠᠩ ᠦᠶᠯᠡ ᠶᠢᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠪᠦᠲᠦᠭᠡᠭᠳᠡᠬᠦᠨ ᠡᠭᠦᠳᠴᠦ᠂ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ᠃ ᠡᠷᠬᠡ ᠲᠡᠭᠰᠢ ᠨᠡᠭᠡᠭᠡᠯᠲᠡ ᠲᠠᠢ ᠢᠯᠡ ᠲᠣᠳᠣ ᠵᠠᠬ᠎ᠠ ᠳᠡᠯᠭᠡᠭᠦᠷ ᠤᠨ ᠠᠵᠢᠯᠯᠠᠭᠠᠨ ᠤ ᠳᠦᠷᠢᠮ ᠢ ᠪᠠᠶᠢᠭᠤᠯᠵᠤ᠂ ᠣᠷᠣᠨ ᠪᠦᠰᠡ ᠶᠢᠨ ᠬᠢᠵᠠᠭᠠᠷᠯᠠᠯ ᠪᠠ ᠠᠵᠢᠯ ᠲᠦᠷᠦᠯ ᠤᠨ ᠲᠠᠯᠳᠠ ᠪᠣᠭᠤᠮᠠᠢ ᠶᠢ ᠡᠪᠳᠡᠵᠦ᠂ ᠡᠯ᠎ᠡ ᠲᠦᠷᠦᠯ ᠤᠨ ᠵᠢᠭᠤᠯᠴᠢᠯᠠᠯ ᠤᠨ ᠬᠦᠴᠦᠨ ᠵᠦᠢᠯ ᠪᠠ ᠵᠠᠬ᠎ᠠ ᠳᠡᠯᠭᠡᠭᠦᠷ ᠢ ᠨᠡᠶᠢᠭᠡᠮ ᠤᠨ ᠬᠥᠷᠥᠩᠭᠡ ᠲᠡᠰᠢ ᠪᠦᠬᠦ ᠲᠠᠯ᠎ᠠ ᠪᠠᠷ ᠨᠡᠭᠡᠭᠡᠬᠦ ᠶᠢ ᠠᠬᠢᠭᠤᠯᠬᠤ ᠬᠡᠷᠡᠭᠲᠡᠢ᠃ ᠡᠯ᠎ᠡ ᠲᠥᠷᠥᠯ ᠤᠨ ᠨᠡᠶᠢᠭᠡᠮ ᠤᠨ ᠬᠥᠷᠥᠩᠭᠡ ᠶᠢᠨ ᠵᠢᠭᠤᠯᠴᠢᠯᠠᠯ ᠤᠨ ᠦᠢᠯᠡᠰ ᠲᠤ ᠪᠡᠯᠡ ᠣᠷᠣᠭᠤᠯᠬᠤ ᠡᠵᠡᠩᠨᠡᠨ ᠪᠣᠷᠣᠯᠠᠭᠤᠯᠬᠤ ᠶᠢ ᠵᠣᠷᠢᠭᠵᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠵᠢᠭᠤᠯᠴᠢᠯᠠᠯ ᠤᠨ ᠤᠷᠠᠨ ᠲᠣᠭᠯᠠᠯᠲᠠ᠂ ᠭᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠵᠡᠷᠭᠡ ᠲᠤᠰᠬᠠᠢ ᠮᠡᠷᠭᠡᠵᠢᠯ ᠤᠨ ᠵᠢᠭᠤᠯᠴᠢᠯᠠᠯ ᠤᠨ ᠡᠵᠡᠩᠨᠡᠯᠲᠡ ᠶᠢᠨ ᠪᠠᠶᠢᠭᠤᠯᠤᠮᠵᠢ ᠶᠢ ᠬᠥᠭᠵᠢᠭᠦᠯᠬᠦ ᠪᠠ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠵᠢᠭᠤᠯᠴᠢᠯᠠᠯ ᠤᠨ ᠢᠳᠡᠭᠡᠨ ᠤᠮᠳᠠᠭᠠᠨ᠂ ᠵᠢᠭᠤᠯᠴᠢᠯᠠᠯ ᠤᠨ ᠵᠣᠴᠢᠳ ᠤᠨ ᠪᠠᠭᠤᠳᠠᠯ᠂ ᠰᠡᠯᠡᠭᠦᠴᠡᠯ ᠤᠨ ᠬᠥᠳᠡᠩ ᠠᠶᠢᠯ᠂ ᠵᠢᠭᠤᠯᠴᠢᠯᠠᠯ ᠤᠨ ᠲᠠᠸᠠᠷ ᠤᠨ ᠨᠡᠭᠡᠭᠡᠨ ᠬᠥᠭᠵᠢᠭᠦᠯᠦᠯᠲᠡ᠂ ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ᠂ ᠵᠤᠭ᠎ᠠ ᠴᠡᠩᠭᠡᠯ ᠤᠨ ᠭᠠᠵᠠᠷ ᠵᠡᠷᠭᠡ ᠣᠨᠴᠠᠯᠢᠭᠲᠤ ᠳᠤᠮᠳᠠ ᠵᠢᠵᠢᠭ ᠪᠢᠴᠢᠯ ᠰᠤᠶᠣᠯ ᠵᠢᠭᠤᠯᠴᠢᠯᠠᠯ ᠤᠨ ᠠᠵᠤ ᠠᠬᠤᠶᠢᠯᠠᠯ ᠢ ᠲᠡᠳᠬᠦᠨ ᠬᠥᠭᠵᠢᠭᠦᠯᠵᠦ᠂ ᠪᠥᠬᠦ ᠤᠯᠤᠰ ᠤᠨ ᠨᠠᠷᠠᠲᠤ ᠵᠢᠭᠤᠯᠴᠢᠯᠠᠯ ᠤᠨ ᠦᠢᠯᠡᠴᠢᠯᠡᠭᠡᠨ ᠤ ᠬᠤᠶᠢᠰᠢᠳᠠ ᠵᠠᠷᠤᠳ ᠬᠤᠰᠢᠭᠤᠨ ᠳᠤ ᠬᠤᠪᠢᠶᠠᠷᠢ ᠬᠤᠷᠢᠶ᠎ᠠ ᠪᠠ ᠳᠡᠯᠭᠡᠭᠦᠷ ᠪᠠᠶᠢᠭᠤᠯᠬᠤ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠭᠠᠳᠠᠨᠠᠬᠢ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠯᠤᠭ᠎ᠠ ᠵᠣᠯᠭᠠᠭᠤᠯᠬᠤ ᠶᠢ ᠴᠢᠩᠭᠠᠳᠬᠠᠨ᠂ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠤᠨ  ᠬᠦᠴᠦᠷᠬᠡᠭᠵᠢᠭᠦᠯᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号