ᠤᠯᠤᠰ ᠤᠨ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠦ᠂ ᠰᠠᠶᠢᠨ ᠦᠷ᠎ᠡ᠂ ᠰᠠᠶᠢᠨ | ᠲᠠᠷᠢᠶ᠎ᠠ᠂ ᠰᠠᠶᠢᠨ ᠮᠠᠰᠢᠨ᠂ ᠰᠠᠶᠢᠨ ᠳᠦᠷᠢᠮ ᠲᠤᠭᠳᠠᠭᠠᠯ ᠤᠨ ᠠᠭᠤᠰᠤᠯᠴᠠᠭᠤᠯᠤᠨ ᠢᠵᠢ ᠪᠦᠷᠢᠳᠦᠭᠦᠯᠬᠦ ᠶᠢ | ᠠᠬᠢᠭᠤᠯᠬᠤ ᠶᠢᠨ ᠲᠥᠯᠥᠭᠡ᠂᠂ ᠣᠶᠢᠷ᠎ᠠ ᠶᠢᠨ ᠵᠢᠯ ᠳᠤ᠂ ᠵᠠᠷᠤᠳ ᠬᠤᠰᠢᠭᠤᠨ ᠤ ᠬᠢᠨ ᠤᠳᠤ ᠦᠶ᠎ᠡ ᠶᠢᠨ | ᠣᠨᠴᠠᠯᠢᠭᠲᠤ ᠲᠠᠷᠢᠶᠠᠯᠠᠩ ᠤᠨ ᠬᠥᠭᠵᠢᠯᠲᠡ ᠶᠢᠨ ᠶᠡᠭᠡ ᠲᠠᠯ᠎ᠠ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ | ᠰᠠᠭᠤᠷᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠭᠦᠢᠴᠡᠳ ᠲᠠᠨᠢᠵᠤ᠂ ᠣᠨᠴᠠᠯᠢᠭᠲᠤ ᠲᠠᠷᠢᠶᠠᠯᠠᠩ ᠤᠨ | ᠪᠠᠶᠢᠷᠢᠰᠢᠯ ᠢᠶᠠᠨ ᠲᠠᠰᠤᠷᠠᠯᠳᠠ ᠦᠭᠡᠢ ᠰᠢᠯᠢᠳᠡᠭᠵᠢᠭᠦᠯᠵᠦ᠂ ᠣᠨᠴᠠᠯᠢᠭᠲᠤ ᠠᠵᠤ ᠦᠢᠯᠡᠰ ᠤᠨ ᠪᠦᠲᠦᠴᠡ ᠪᠠᠨ | ᠲᠣᠬᠢᠷᠠᠭᠤᠯᠵᠤ᠂ ᠤᠳᠤ ᠦᠶ᠎ᠡ ᠶᠢᠨ ᠣᠨᠴᠠᠯᠢᠭᠲᠤ ᠲᠠᠷᠢᠶᠠᠯᠠᠩ ᠤᠨ ᠨᠡᠮᠡᠭᠳᠡᠯ ᠤᠨ ᠳᠠᠯᠳᠠ ᠬᠦᠴᠦᠨ ᠢ ᠴᠢᠨᠠᠭᠰᠢᠳᠠ | ᠭᠦᠨᠵᠡᠭᠡᠢ ᠠᠭᠤᠳᠠᠯᠵᠤ᠂ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠪᠠ᠃ | | | | | ᠣᠶᠢᠷ᠎ᠠ ᠶᠢᠨ ᠡᠳᠦᠷ ᠤᠳ ᠲᠤ᠂ ᠵᠢᠷᠤᠭᠡ ᠪᠠᠯᠭᠠᠰᠤ ᠶᠢᠨ ᠵᠢᠷᠤᠭᠡ ᠲᠣᠰᠬᠤᠨ ᠤ ᠠᠷᠠᠳ ᠸᠠᠩ ᠢᠦᠢ ᠵᠦᠩ | ᠲᠤᠩᠭᠠᠯᠠᠭ ᠰᠠᠶᠢᠬᠠᠨ ᠠᠭᠤᠷ ᠠᠮᠢᠰᠬᠤᠯ ᠪᠣᠯᠣᠨ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠨᠡᠯᠢᠶᠡᠳ ᠰᠠᠶᠢᠨ | ᠪᠠᠶᠢᠬᠤ ᠠᠰᠢᠭᠲᠠᠢ ᠲᠣᠬᠢᠶᠠᠯ ᠢ ᠠᠮᠵᠢᠵᠤ᠂ ᠨᠠᠩᠭᠢ ᠡᠷᠳᠡᠨᠢ ᠰᠢᠰᠢ ᠲᠠᠷᠢᠬᠤ ᠪᠠᠷ ᠶᠠᠭᠠᠷᠠᠯᠳᠤᠪᠠ᠃ ᠡᠨᠡ ᠵᠢᠯ᠂ | ᠸᠠᠩ ᠢᠦᠢ ᠵᠦᠩ ᠥᠪᠡᠷ ᠤᠨ 100 ᠮᠦ ᠲᠠᠷᠢᠶᠠᠨ ᠭᠠᠵᠠᠷ ᠲᠤ ᠪᠠᠨ ᠴᠦᠮ ᠨᠠᠩᠭᠢ ᠡᠷᠳᠡᠨᠢ ᠰᠢᠰᠢ ᠲᠠᠷᠢᠪᠠ᠃ ︽ | ᠮᠠᠨ ᠤ ᠠᠳᠡ ᠬᠢᠷᠠᠭᠤ ᠦᠭᠡᠢ ᠬᠤᠭᠤᠴᠠᠭ᠎ᠠ ᠣᠬᠤᠷ᠂ ᠡᠩ ᠤᠨ ᠡᠷᠳᠡᠨᠢ ᠰᠢᠰᠢ ᠳᠠᠷᠢᠪᠠᠯ ᠠᠮᠤ ᠪᠤᠳᠠᠭ᠎ᠠ ᠶᠢᠨ | ᠤᠨᠠᠯᠳᠠ ᠭᠠᠷᠬᠤ ᠦᠭᠡᠢ᠂ ᠨᠠᠩᠭᠢ ᠡᠷᠳᠡᠨᠢ ᠰᠢᠰᠢ ᠶᠢᠨ ᠪᠣᠯᠪᠠᠰᠤᠷᠠᠬᠤ ᠬᠤᠭᠤᠴᠠᠭ᠎ᠠ ᠡᠷᠲᠡ ᠪᠣᠯᠬᠤᠷ ᠬᠢᠷᠠᠭᠤ ᠠᠴᠠ | ᠵᠠᠶᠢᠯᠠᠵᠤ ᠲᠠᠶᠢᠯᠤᠨ᠎ᠠ᠂ ᠲᠣᠰᠬᠤᠨ ᠠᠴᠠ ᠪᠠᠰᠠ ᠨᠢᠭᠡᠳᠦᠯᠲᠡᠢ ᠦᠷ᠎ᠡ᠂ ᠬᠢᠮᠢ ᠶᠢᠨ ᠪᠣᠷᠳᠣᠭᠤᠷ ᠬᠠᠩᠭᠠᠵᠤ ᠪᠠᠶᠢᠨ᠎ᠠ᠂ | ᠪᠢ ᠵᠥᠪᠬᠡᠨ ᠳᠠᠷᠢᠬᠤ ᠪᠠ ᠲᠠᠷᠢᠶᠠᠨ ᠠᠵᠢᠯ ᠤᠨ ᠬᠠᠮᠢᠶᠠᠷᠤᠯᠲᠠ ᠪᠠᠨ ᠬᠠᠷᠢᠭᠤᠴᠠᠪᠠᠯ ᠪᠣᠯᠴᠢᠬᠠᠨ᠎ᠠ᠂ ᠨᠠᠮᠤᠷ ᠤᠨ | ᠬᠤᠷᠢᠶᠠᠯᠲᠠ ᠪᠣᠯᠬᠤ ᠳᠤ ᠨᠢᠭᠡ ᠮᠦ ᠠᠴᠠ 1200 ᠲᠥᠭᠦᠷᠢᠭ ᠤᠨ ᠠᠰᠢᠭ ᠣᠷᠣᠯᠭ᠎ᠠ ᠣᠯᠵᠤ ᠲᠠᠶᠢᠯᠤᠨ᠎ᠠ︾ | ᠭᠡᠵᠦ ᠸᠠᠩ ᠢᠦᠢ ᠵᠦᠩ ᠬᠡᠯᠡᠪᠡ᠃ | | | | | ᠣᠶᠢᠷ᠎ᠠ ᠶᠢᠨ ᠬᠤᠶᠠᠷ ᠵᠢᠯ ᠳᠤ᠂ ᠵᠢᠷᠤᠭᠡ ᠲᠣᠰᠬᠤᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ | ᠲᠤᠬᠠᠢ ᠶᠢᠨ ᠭᠠᠵᠠᠷ ᠤᠨ ᠬᠢᠷᠠᠭᠤ ᠦᠭᠡᠢ ᠬᠤᠭᠤᠴᠠᠭ᠎ᠠ ᠣᠬᠤᠷ ᠪᠠᠶᠢᠬᠤ ᠠᠭᠤᠷ ᠠᠮᠢᠰᠬᠤᠯ ᠤᠨ ᠣᠨᠴᠠᠯᠢᠭ ᠢ | ᠦᠨᠳᠦᠰᠦᠯᠡᠨ᠂ ᠳᠠᠷᠢᠬᠤ ᠮᠡᠷᠭᠡᠵᠢᠯ ᠢᠶᠠᠷ ᠲᠥᠬᠦᠮ᠂ ᠦᠶᠡᠯᠡᠯ ᠨᠢ ᠣᠬᠤᠷ᠂ ᠠᠵᠤ ᠠᠬᠤᠢ ᠶᠢᠨ ᠦᠷ᠎ᠡ | ᠠᠰᠢᠭ ᠢᠶᠠᠷ ᠨᠡᠯᠢᠶᠡᠳ ᠥᠨᠳᠥᠷ ᠨᠠᠩᠭᠢ ᠡᠷᠳᠡᠨᠢ ᠰᠢᠰᠢ ᠶᠢ ᠶᠡᠭᠡ ᠪᠠᠷ ᠳᠡᠯᠭᠡᠷᠡᠭᠦᠯᠵᠦ᠂ ᠲᠤᠷᠰᠢᠨ ᠳᠠᠷᠢᠭᠠᠳ | ᠠᠮᠵᠢᠯᠲᠠ ᠤᠯᠪᠠ᠃ 2023 ᠣᠨ ᠳᠤ᠂ ᠪᠦᠬᠦ ᠲᠣᠰᠬᠤᠨ ᠤ ᠨᠠᠩᠭᠢ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠢ | 2000 ᠭᠠᠷᠤᠢ ᠮᠦ ᠬᠦᠷᠲᠡᠯ᠎ᠡ ᠦᠷᠭᠡᠳᠭᠡᠪᠡ᠃ | ᠵᠢᠷᠤᠭᠡ ᠲᠣᠰᠬᠤᠨ ᠤ ᠨᠠᠮ ᠤᠨ ᠡᠭᠦᠷ ᠤᠨ ᠱᠦᠵᠢ ᠯᠢ ᠰᠢᠶᠣᠣ ᠳ᠋ᠦᠩ᠄ ︽ᠡᠨᠡ ᠵᠢᠯ ᠮᠠᠨ ᠤ ᠲᠣᠰᠬᠤᠨ | ᠠᠵᠤ ᠠᠬᠤᠶᠢᠯᠠᠯ ᠲᠠᠢ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠵᠤ᠂ ᠲᠣᠰᠬᠤᠨ ᠤ | ᠠᠷᠠᠳ ᠠᠴᠠ ᠭᠠᠵᠠᠷ ᠭᠠᠷᠭᠠᠵᠦ᠂ ᠪᠢᠳᠡ ᠦᠷ᠎ᠡ᠂ ᠬᠢᠮᠢ ᠶᠢᠨ ᠪᠣᠷᠳᠣᠭᠤᠷ ᠬᠠᠩᠭᠠᠨ᠎ᠠ᠂ ᠡᠨᠡ ᠨᠢ ᠲᠣᠰᠬᠤᠨ ᠤ | ᠠᠷᠠᠳ ᠢ ᠬᠠᠪᠰᠤᠷᠤᠨ ᠲᠦᠭᠰᠢᠭᠦᠷᠢ ᠡᠭᠦᠷᠭᠡᠯᠡᠭᠰᠡᠨ ᠢᠶᠠᠷ ᠪᠠᠷᠠᠬᠤ ᠦᠭᠡᠢ ᠪᠠᠰᠠ ᠲᠣᠰᠬᠤᠨ ᠤ ᠠᠷᠠᠳ ᠤᠨ ᠮᠦ | ᠪᠦᠷᠢ ᠶᠢᠨ ᠣᠷᠣᠯᠭ᠎ᠠ ᠶᠢ ᠥᠩᠭᠡᠷᠡᠭᠰᠡᠨ ᠤ ᠬᠢ ᠠᠴᠠ 300 ᠠᠴᠠ 400 ᠲᠥᠭᠦᠷᠢᠭ ᠨᠡᠮᠡᠭᠳᠡᠭᠦᠯᠪᠡ︾ ᠭᠡᠵᠦ | ᠲᠠᠨᠢᠯᠴᠠᠭᠤᠯᠪᠠ᠃ | ᠡᠨᠡ ᠵᠢᠯ ᠠᠴᠠ ᠨᠠᠰᠢ᠂ ᠵᠠᠷᠤᠳ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠬᠥᠳᠡᠭᠡ ᠠᠵᠤ ᠠᠬᠤᠢ | ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠲᠠᠷᠢᠶᠠᠨ ᠴᠠᠭ ᠢ ᠰᠠᠭᠠᠲᠠᠭᠠᠬᠤ ᠦᠭᠡᠢ ᠪᠠᠷ ᠠᠮᠤ ᠪᠤᠳᠠᠭᠠᠨ ᠤ ᠦᠢᠯᠡᠳᠪᠦᠷᠢᠯᠡᠯ ᠢ ᠰᠠᠶᠢᠲᠤᠷ | ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠲᠠᠷᠢᠶᠠᠯᠠᠩ ᠢ ᠬᠥᠭᠵᠢᠭᠦᠯᠵᠦ᠂ | ᠲᠠᠷᠢᠶᠠᠯᠠᠩ ᠤᠨ ᠤᠨᠠᠯᠲᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠯᠠᠪᠳᠠᠭᠤᠨ ᠢᠶᠠᠷ | ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠪᠠᠳᠤᠯᠠᠪᠠ᠃ | | | | | ᠭᠠᠭ᠋ᠠᠶᠢᠳᠤ ᠪᠠᠯᠭᠠᠰᠤᠨ ᠤ ᠲᠠᠯᠠᠪᠤᠯᠠᠭ ᠭᠠᠴᠠᠭᠠᠨ ᠤ ᠠᠷᠠᠳ ᠭᠡᠷᠡᠯᠴᠡᠴᠡᠭ 60 ᠮᠦ ᠲᠠᠷᠢᠶᠠᠨ ᠭᠠᠵᠠᠷ ᠲᠠᠢ᠂ | 2020 ᠣᠨ ᠳᠤ ᠲᠡᠷᠡ ᠭᠠᠴᠠᠭᠠᠨ ᠤ ᠨᠠᠮ ᠤᠨ ᠡᠭᠦᠷ ᠤᠨ ᠳᠠᠭᠠᠭᠤᠯᠭ᠎ᠠ ᠳᠣᠣᠷ᠎ᠠ 23 ᠮᠦ ᠡᠪᠡᠰᠦᠨ ᠡᠮ | ᠴᠢᠨ᠋ᠸ᠎ᠠ ᠶᠢᠨ ᠬᠠᠯᠲᠠᠷ ᠳᠠᠷᠢᠵᠤ᠂ ᠬᠡᠳᠦᠨ ᠵᠢᠯ ᠤᠨ ᠨᠢᠮᠪᠠᠢ ᠬᠠᠮᠢᠶᠠᠷᠤᠯᠲᠠ ᠪᠠᠷ ᠳᠡᠮᠵᠢᠨ᠂ ᠣᠳᠣᠬᠠᠨ ᠳᠤ | ᠴᠢᠨ᠋ᠸ᠎ᠠ ᠶᠢᠨ ᠬᠠᠯᠲᠠᠷ ᠤᠨ ᠤᠷᠭᠤᠴᠠ ᠶᠢᠨ ᠪᠠᠶᠢᠳᠠᠯ ᠮᠠᠰᠢ ᠰᠠᠶᠢᠨ ᠪᠠᠶᠢᠨ᠎ᠠ᠃ | 【ᠡᠮ ᠤᠨ ᠮᠠᠲ᠋ᠧᠷᠢᠶᠠᠯ ᠲᠠᠷᠢᠭᠰᠠᠨ ᠨᠢ ᠬᠥᠮᠥᠨ ᠤ ᠬᠦᠴᠦᠨ ᠢ ᠠᠷᠪᠢᠯᠠᠭᠰᠠᠨ ᠢᠶᠠᠷ ᠪᠠᠷᠠᠬᠤ ᠦᠭᠡᠢ᠂ ᠮᠦ | ᠪᠦᠷᠢ ᠠᠴᠠ 3 ᠲᠦᠮᠡᠨ ᠲᠥᠭᠦᠷᠢᠭ ᠤᠨ ᠣᠷᠣᠯᠭ᠎ᠠ ᠣᠯᠵᠤ ᠪᠣᠯᠣᠨ᠎ᠠ᠃】 ᠭᠡᠵᠦ ᠭᠡᠷᠡᠯᠴᠡᠴᠡᠭ ᠬᠡᠯᠡᠪᠡ᠃ ᠲᠡᠭᠷᠢ | ᠳᠤᠯᠠᠭᠠᠷᠠᠬᠤ ᠶᠢ ᠲᠠᠭᠠᠯᠳᠤᠨ ᠭᠡᠷᠡᠯᠴᠡᠴᠡᠭ ᠤᠨ ᠬᠢᠨ ᠡᠪᠡᠰᠦ ᠠᠷᠢᠯᠭᠠᠬᠤ ᠠᠵᠢᠯ ᠳᠠᠭᠠᠨ ᠶᠠᠭᠠᠷᠠᠯᠳᠤᠵᠤ ᠪᠠᠶᠢᠯ᠎ᠠ᠃ | 2019 ᠣᠨ ᠳᠤ᠂ ᠲᠠᠯᠠᠪᠤᠯᠠᠭ ᠭᠠᠴᠠᠭ᠎ᠠ ᠳᠤ ᠵᠠᠷᠤᠳ ᠬᠤᠰᠢᠭᠤᠨ ᠤ ᠪᠠᠶᠠᠵᠢᠶ᠎ᠠ ᠬᠢᠲᠠᠳ ᠡᠮ ᠤᠨ | ᠮᠠᠲ᠋ᠧᠷᠢᠶᠠᠯ ᠲᠠᠷᠢᠬᠤ ᠬᠤᠷᠰᠢᠶ᠎ᠠ ᠶᠢ ᠳᠠᠩᠰᠠᠯᠠᠭᠤᠯᠤᠨ ᠪᠠᠶᠢᠭᠤᠯᠵᠤ᠂ ︽ᠨᠠᠮ ᠤᠨ ᠡᠭᠦᠷ + ᠬᠤᠷᠰᠢᠶ᠎ᠠ + | ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢᠶᠠᠷ ᠳᠠᠮᠵᠢᠭᠤᠯᠵᠤ᠂ ︽ᠭᠠᠭᠴᠠᠭᠠᠷ ᠲᠡᠮᠡᠴᠡᠬᠦ︾ | ᠪᠠᠶᠢᠭᠰᠠᠨ ᠠᠴᠠ ︽ᠪᠦᠯᠦᠭᠯᠡᠨ ᠬᠥᠭᠵᠢᠭᠦᠯᠬᠦ︾ ᠪᠣᠯᠭᠠᠨ ᠬᠤᠪᠢᠷᠠᠭᠤᠯᠵᠤ᠂ ᠲᠤᠰᠬᠠᠢ ᠮᠡᠷᠭᠡᠵᠢᠯ ᠤᠨ ᠠᠵᠢᠯᠲᠠᠨ | ᠤᠷᠢᠵᠤ᠂ ᠲᠠᠷᠢᠶᠠᠨ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ ᠢ ᠨᠢᠭᠡᠳᠦᠯᠲᠡᠢ ᠬᠤᠳᠠᠯᠳᠤᠨ ᠠᠪᠴᠤ᠂ | ᠰᠢᠯᠵᠢᠭᠦᠯᠦᠨ ᠵᠠᠶᠢᠯᠠᠬᠤ ᠪᠠ ᠰᠢᠭᠤᠳ ᠲᠠᠷᠢᠬᠤ ᠶᠢ ᠤᠶᠠᠯᠳᠤᠭᠤᠯᠬᠤ᠂ ᠬᠦᠷᠢᠶ᠎ᠡ ᠬᠠᠰᠢᠶᠠᠨ ᠤ ᠠᠵᠤ ᠠᠬᠤᠢ ᠪᠣᠯᠣᠨ | ᠶᠡᠭᠡ ᠲᠠᠷᠢᠶᠠᠨ ᠳᠤ ᠲᠠᠷᠢᠬᠤ ᠶᠢ ᠤᠶᠠᠯᠳᠤᠭᠤᠯᠬᠤ᠂ ᠴᠢᠨ᠋ᠸ᠎ᠠ ᠶᠢᠨ ᠬᠠᠯᠲᠠᠷ᠂ ᠱᠤᠤ ᠶᠣᠣ ᠵᠡᠷᠭᠡ ᠡᠮ ᠤᠨ | ᠮᠠᠲ᠋ᠧᠷᠢᠶᠠᠯ ᠲᠠᠷᠢᠵᠦ᠂ ᠠᠩᠬ᠎ᠠ ᠠᠯᠬᠤᠮ ᠲᠠᠷᠢᠬᠤ᠂ ᠬᠤᠳᠠᠯᠳᠤᠨ ᠠᠪᠬᠤ᠂ ᠪᠦᠳᠦᠭᠦᠯᠢᠭ ᠡᠳ᠋ᠰᠢᠭᠦᠯᠬᠦ ᠶᠢ ᠨᠢᠭᠡ | ᠴᠣᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠤᠭᠦᠯᠪᠡ᠃ | | | | | ᠣᠶᠢᠷ᠎ᠠ ᠶᠢᠨ ᠵᠢᠯ ᠳᠤ᠂ ᠵᠠᠷᠤᠳ ᠬᠤᠰᠢᠭᠤ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ | ᠪᠠᠶᠢᠷᠢᠰᠢᠯ ᠢ ᠰᠢᠯᠢᠳᠡᠭᠵᠢᠭᠦᠯᠬᠦ ᠳᠤ ᠰᠠᠭᠤᠷᠢᠯᠠᠵᠤ᠂ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠦᠭᠡᠷᠡᠴᠢᠯᠡᠯᠳᠡ ᠶᠢ ᠠᠬᠢᠭᠤᠯᠵᠦ᠂ ᠪᠤᠬᠢᠷᠳᠤᠯ ᠦᠭᠡᠢ ᠪᠠᠷ ᠤᠳᠤᠷᠢᠳᠤᠮᠵᠢ ᠪᠣᠯᠭᠠᠵᠤ᠂ | ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠪᠣᠯᠣᠨ ᠣᠷᠣᠨ ᠪᠦᠰᠡ ᠶᠢᠨ ᠪᠠᠶᠢᠷᠢᠰᠢᠯ ᠢ ᠲᠠᠰᠤᠷᠠᠯᠲᠠ ᠦᠭᠡᠢ | ᠰᠢᠯᠢᠳᠡᠭᠵᠢᠭᠦᠯᠵᠦ᠂ ᠲᠠᠷᠢᠮᠠᠯ ᠤᠨ ᠪᠦᠲᠦᠴᠡ ᠶᠢ ᠴᠠᠭ ᠲᠤᠨᠢ ᠲᠣᠬᠢᠷᠠᠭᠤᠯᠵᠤ᠂ ᠲᠠᠷᠢᠶᠠᠯᠠᠩ ᠲᠠᠷᠢᠮᠠᠯ ᠢ ︽ᠲᠠᠩ | ᠴᠤᠯᠭᠤᠢ ᠲᠠᠷᠢᠵᠤ︾ ᠪᠠᠶᠢᠭᠰᠠᠨ ᠠᠴᠠ ᠨᠢ ︽ᠤᠯᠠᠨ ᠡᠰᠢᠵᠢᠭᠦᠯᠬᠦ︾ ᠲᠡᠶᠢᠰᠢ ᠬᠤᠪᠢᠷᠠᠭᠤᠯᠬᠤ᠂ ︽ᠰᠠᠶᠢᠨ | ᠲᠠᠷᠢᠵᠤ︾ ᠪᠠᠶᠢᠭᠰᠠᠨ ᠠᠴᠠ ᠨᠢ ︽ᠰᠠᠶᠢᠨ ᠬᠤᠳᠠᠯᠳᠤᠬᠤ︾ ᠲᠡᠶᠢᠰᠢ ᠬᠤᠪᠢᠷᠠᠭᠤᠯᠬᠤ ᠶᠢ ᠬᠥᠲᠥᠯᠥᠨ ᠵᠢᠯᠤᠭᠤᠳᠴᠤ | ᠂ ᠲᠠᠷᠢᠶᠠᠴᠢᠨ ᠡᠷᠦᠭᠡ ᠶᠢᠨ ᠨᠠᠩᠭᠢ ᠡᠷᠳᠡᠨᠢ ᠰᠢᠰᠢ᠂ ᠬᠢᠲᠠᠳ ᠡᠮ ᠤᠨ ᠮᠠᠲ᠋ᠧᠷᠢᠶᠠᠯ ᠵᠡᠷᠭᠡ ᠠᠵᠤ ᠠᠬᠤᠢ ᠶᠢᠨ | ᠲᠠᠷᠢᠮᠠᠯ ᠲᠠᠷᠢᠬᠤ ᠶᠢ ᠢᠳᠡᠪᠬᠢᠲᠡᠢ ᠪᠠᠷ ᠵᠣᠷᠢᠭᠵᠢᠭᠤᠯᠵᠤ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ | ᠬᠥᠭᠵᠢᠯᠲᠡ ᠶᠢᠨ ᠰᠢᠨ᠎ᠡ ᠳᠠᠪᠠᠭᠤᠯᠢᠭ ᠢ ᠵᠤᠵᠠᠭᠠᠳᠬᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠰᠢᠨ᠎ᠡ | ᠠᠷᠭ᠎ᠠ ᠵᠠᠮ ᠢ ᠥᠷᠭᠡᠳᠬᠡᠨ᠂ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠢᠶᠠᠷ ᠨᠡᠩ ᠥᠨᠳᠥᠷ ᠪᠠ ᠥᠷᠢᠰᠦᠯᠳᠦᠬᠦ | ᠬᠦᠴᠦᠨ ᠢᠶᠠᠷ ᠨᠡᠩ ᠴᠢᠩᠭ᠎ᠠ ᠲᠡᠰᠢ ᠬᠥᠭᠵᠢᠬᠦ ᠶᠢ ᠲᠦᠯᠬᠢᠨ ᠠᠬᠢᠭᠤᠯᠪᠠ᠃ ᠣᠶᠢᠯᠠᠭᠠᠭᠰᠠᠨ ᠢᠶᠠᠷ᠂ ᠡᠨᠡ ᠵᠢᠯ᠂ | ᠪᠥᠬᠦ ᠬᠤᠰᠢᠭᠤᠨ ᠤ ᠲᠠᠷᠢᠮᠠᠯ ᠤᠨ ᠲᠠᠯᠠᠪᠠᠶ ᠶᠢ 245 ᠲᠦᠮᠡᠨ ᠮᠦ ᠪᠠᠷ ᠲᠥᠯᠥᠪᠯᠡᠵᠦ ᠪᠣᠶ᠂ ᠡᠭᠦᠨ ᠳᠤ᠂ | ᠣᠨᠴᠠᠯᠢᠭᠲᠤ ᠲᠠᠷᠢᠶᠠᠯᠠᠩ ᠤᠨ ᠲᠠᠷᠢᠮᠠᠯ 21.5 ᠲᠦᠮᠡᠨ ᠮᠦ᠂ 8.8% ᠶᠢ ᠡᠵᠡᠯᠡᠨ᠎ᠡ᠃ |