ᠵᠠᠩ ᠴᠦᠨ ᠾᠦᠢ ᠲᠤᠯᠤᠳᠤ ᠰᠤᠮᠤᠨ ᠳᠤ ᠬᠦᠷᠴᠦ ᠬᠥᠳᠡᠭᠡ ᠲᠣᠰᠬᠤᠨ ᠤ ᠵᠠᠰᠠᠮᠠᠯ ᠵᠠᠮ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/26
       5 ᠰᠠᠷ᠎ᠠ ᠶᠢᠨ 24 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠵᠠᠩ ᠴᠦᠨ ᠾᠦᠢ ᠬᠠᠮᠳᠤ ᠶᠠᠪᠤᠭᠰᠠᠳ ᠲᠠᠢ ᠪᠠᠨ ᠲᠤᠯᠤᠳᠤ ᠰᠤᠮᠤ ᠳᠤ ᠬᠦᠷᠴᠦ᠂ ᠲᠤᠯᠤᠳᠤ ᠠᠴᠠ ᠯᠦ ᠵᠢᠶᠧ ᠬᠦ᠋ᠷᠬᠦ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠳᠤᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠳᠤᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ ᠬᠠᠮᠠᠭᠠᠯᠠᠯᠳᠠ ᠵᠡᠷᠭᠡ ᠠᠵᠢᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠵᠠᠮ ᠡᠪᠳᠡᠷᠡᠵᠦ ᠰᠦᠢᠳᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ᠂ ᠵᠠᠮ ᠬᠠᠷᠢᠯᠴᠠᠭᠠᠨ ᠤ ᠶᠠᠪᠤᠵᠦ ᠰᠠᠭᠤᠬᠤ ᠳᠤ ᠬᠦᠴᠢᠷᠳᠡᠯ ᠲᠠᠢ ᠪᠠᠶᠢᠬᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠴᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠳᠤᠭᠡᠨ ᠪᠠᠶᠢᠭᠤᠯᠤᠯᠲᠠ ᠳᠤ ᠰᠠᠨᠠᠯ ᠰᠠᠨᠠᠭᠤᠯᠭ᠎ᠠ ᠲᠤᠷᠠᠳᠪᠠ᠃     
微信图片_20230526092345.jpg  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号