| 5 ᠰᠠᠷ᠎ᠠ ᠶᠢᠨ 25 ᠤ ᠡᠳᠦᠷ᠂ ᠵᠠᠷᠤᠳ ᠬᠤᠰᠢᠭᠤ ᠪᠥᠬᠦ ᠬᠤᠰᠢᠭᠤᠨ ᠤ ᠠᠯᠠᠰᠢᠨ ᠦᠬᠡᠷ ᠤᠨ ᠰᠢᠨᠵᠢᠯᠡᠭᠡ | ᠮᠡᠷᠭᠡᠵᠢᠯ ᠤᠨ ᠦᠢᠯᠡᠴᠢᠯᠡᠭᠡᠨ ᠤ ᠥᠷᠲᠡᠭᠡ ᠶᠢᠨ ᠡᠬᠢᠯᠡᠯᠲᠡ ᠶᠢᠨ ᠶᠣᠰᠣᠯᠠᠯ ᠵᠢᠴᠢ ᠰᠢᠨᠵᠢᠯᠡᠭᠡ ᠮᠡᠷᠭᠡᠵᠢᠯ ᠤᠨ ᠦᠷ᠎ᠡ | ᠪᠦᠲᠦᠭᠡᠯ ᠢᠶᠠᠨ ᠬᠤᠪᠢᠷᠠᠭᠤᠯᠬᠤ ᠵᠣᠯᠭᠠᠭᠤᠯᠬᠤ ᠬᠤᠷᠠᠯ ᠬᠢᠪᠡ᠃ ᠬᠤᠲᠠ ᠶᠢᠨ ᠰᠢᠨᠵᠢᠯᠡᠭᠡ ᠮᠡᠷᠭᠡᠵᠢᠯ ᠤᠨ | ᠲᠣᠪᠴᠢᠶ᠎ᠠ ᠶᠢᠨ ᠳᠡᠳ᠋ ᠳᠠᠷᠤᠭ᠎ᠠ ᠯᠠᠢ ᠹᠦ᠋ ᠴᠢᠤᠸᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠣᠣ ᠼᠠᠢ ᠶᠠᠨ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠴᠦᠨ ᠬᠤᠶ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠠᠢ ᠪᠦᠦ ᠯᠢᠨ ᠵᠢᠴᠢ ᠥᠪᠥᠷ | ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠮᠢᠶ᠎ᠠ ᠪᠦᠬᠦᠢ ᠳᠡᠭᠡᠳᠦ ᠰᠤᠷᠭᠠᠭᠤᠯᠢ ᠶᠢᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠡᠯ᠎ᠡ ᠰᠤᠮᠤ ᠪᠠᠯᠭᠠᠰᠤ ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠦᠷ᠎ᠡ ᠪᠦᠲᠦᠭᠡᠯ ᠢᠶᠠᠨ | ᠵᠣᠯᠭᠠᠭᠤᠯᠵᠤ ᠰᠣᠯᠢᠯᠴᠠᠬᠤ ᠵᠢᠴᠢ ᠠᠯᠠᠰᠢᠨ ᠦᠬᠡᠷ ᠤᠨ ᠤᠯᠠᠭ᠎ᠠ ᠥᠷᠲᠡᠭᠡ ᠶᠢᠨ ᠬᠠᠮᠢᠶ᠎ᠠ ᠪᠦᠬᠦᠢ ᠠᠵᠤ ᠠᠬᠤᠶᠢᠯᠠᠯ | ᠂ ᠰᠢᠨᠵᠢᠯᠡᠭᠡ ᠮᠡᠷᠭᠡᠵᠢᠯ ᠤᠨ ᠣᠨᠴᠠ ᠲᠣᠮᠢᠯᠠᠭᠳᠠᠭᠰᠠᠳ᠂ ᠲᠡᠵᠢᠭᠡᠬᠦ ᠡᠷᠦᠬᠡ ᠶᠢᠨ ᠲᠥᠯᠥᠭᠡᠯᠡᠭᠴᠢ ᠬᠤᠷᠠᠯ ᠳᠤ | ᠣᠷᠣᠯᠴᠠᠪᠠ᠃ | | | ᠶᠣᠣ ᠼᠠᠢ ᠶᠠᠨ ᠪᠠᠶᠠᠷ ᠤᠨ ᠦᠭᠡ ᠳᠡᠭᠡᠨ᠂ ᠣᠶᠢᠷ᠎ᠠ ᠶᠢᠨ ᠵᠢᠯ ᠠᠴᠠ᠂ ᠵᠠᠷᠤᠳ ᠬᠤᠰᠢᠭᠤ ︽ᠰᠢᠨᠵᠢᠯᠡᠭᠡ | ᠮᠡᠷᠭᠡᠵᠢᠯ ᠢᠶᠠᠷ ᠦᠪᠦᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠢ ᠠᠬᠢᠭᠤᠯᠬᠤ᠂ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠠᠩᠬᠠᠳᠠᠭᠴᠢ ᠬᠤᠲᠠ ᠶᠢᠨ | ᠲᠠᠰ ᠤᠨ ᠠᠯᠠᠰᠢᠨ ᠦᠬᠡᠷ ᠤᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠤᠯᠠᠭ᠎ᠠ ᠥᠷᠲᠡᠭᠡ ᠪᠠ ᠬᠤᠰᠢᠭᠤᠨ | ᠲᠠᠰ ᠤᠨ ᠠᠯᠠᠰᠢᠨ ᠦᠬᠡᠷ ᠤᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠥᠷᠲᠡᠭᠡ ᠪᠠᠶᠢᠭᠤᠯᠤᠭᠳᠠᠭᠰᠠᠨ ᠨᠢ | ᠰᠢᠨᠵᠢᠯᠡᠭᠡ ᠮᠡᠷᠭᠡᠵᠢᠯ ᠢᠶᠠᠷ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠬᠤ | ᠴᠢᠳᠠᠪᠤᠷᠢ ᠶᠢ ᠨᠡᠮᠡᠭᠳᠡᠭᠦᠯᠬᠦ᠂ ᠰᠢᠨᠵᠢᠯᠡᠭᠡ ᠮᠡᠷᠭᠡᠵᠢᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ | ᠤᠷᠲᠤᠳᠬᠠᠬᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠠᠷᠤᠳ | ᠬᠤᠰᠢᠭᠤᠨ ᠳᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠰᠠᠶᠢᠨ ᠰᠠᠶᠢᠬᠠᠨ ᠣᠷᠴᠢᠨ ᠲᠣᠭᠤᠷᠢᠨ ᠪᠠ | ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠦᠬᠦᠴᠡᠯ ᠲᠠᠢ᠂ ᠰᠢᠨ᠎ᠡ ᠶᠢ ᠡᠭᠦᠳᠬᠦ ᠦᠢᠯᠡᠰ ᠪᠣᠰᠬᠠᠬᠤ | ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠣᠷᠣᠨ ᠤ ᠳᠣᠲᠣᠨ᠎ᠠ ᠭᠠᠳᠠᠨᠠᠬᠢ ᠡᠯ᠎ᠡ ᠶᠡᠭᠡ ᠳᠡᠭᠡᠳᠦ | ᠰᠤᠷᠭᠠᠭᠤᠯᠢ ᠬᠦᠷᠢᠶᠡᠯᠡᠩ ᠭᠠᠵᠠᠷ ᠤᠨ ᠬᠢᠨ ᠣᠯᠠᠮ ᠨᠢᠭᠡ ᠠᠯᠬᠤᠮ ᠵᠠᠬ᠎ᠠ ᠳᠡᠯᠭᠡᠭᠦᠷ ᠤᠨ ᠬᠡᠷᠡᠭᠴᠡᠭᠡ ᠳᠤ ᠬᠠᠨᠳᠤᠵᠤ | ᠂ ᠴᠢᠨᠠᠷ ᠰᠠᠶᠢᠲᠠᠢ ᠰᠢᠨᠵᠢᠯᠡᠭᠡ ᠮᠡᠷᠭᠡᠵᠢᠯ ᠤᠨ ᠡᠬᠢ ᠪᠠᠶᠠᠯᠢᠭ ᠢ ᠨᠡᠭᠡᠭᠡᠨ ᠬᠠᠮᠲᠤᠪᠠᠷ ᠡᠳ᠋ᠯᠡᠬᠦ ᠶᠢ ᠠᠬᠢᠭᠤᠯᠵᠤ᠂ ᠨᠡᠩ | ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢᠶᠠᠨ ᠪᠦᠲᠦᠭᠡᠭᠳᠡᠬᠦᠨ ᠪᠣᠯᠭᠠᠵᠤ᠂ ᠵᠠᠬ᠎ᠠ | ᠳᠡᠯᠭᠡᠭᠦᠷ ᠲᠤ ᠭᠠᠷᠭᠠᠵᠤ᠂ ᠦᠷ᠎ᠡ ᠠᠰᠢᠭ ᠢᠶᠠᠨ ᠪᠠᠳᠠᠷᠠᠭᠤᠯᠬᠤ ᠶᠢ ᠬᠦᠰᠡᠵᠦ ᠪᠠᠶᠢᠨ᠎ᠠ᠃ ᠡᠯ᠎ᠡ ᠲᠦᠷᠦᠯ ᠤᠨ ᠠᠵᠤ | ᠠᠬᠤᠶᠢᠯᠠᠯ ᠤᠨ ᠬᠢᠨ ᠬᠠᠷᠠᠭ᠎ᠠ ᠪᠠᠨ ᠣᠯᠠᠮ ᠨᠢᠭᠡ ᠠᠯᠬᠤᠮ ᠥᠷᠭᠡᠳᠬᠡᠵᠦ᠂ ᠣᠶᠢᠯᠠᠭᠠᠭᠳᠠᠬᠤᠨ ᠪᠠ ᠰᠢᠨ᠎ᠡ ᠶᠢ | ᠡᠭᠦᠳᠬᠦ ᠰᠡᠳᠬᠢᠬᠦᠢ ᠪᠠᠨ ᠰᠢᠨᠡᠳᠬᠡᠵᠦ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢᠶᠠᠨ ᠰᠢᠯᠵᠢᠭᠦᠯᠦᠨ | ᠬᠤᠪᠢᠷᠠᠭᠤᠯᠬᠤ ᠭᠤᠣᠯ ᠴᠣᠭᠴᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠰᠢᠨ᠎ᠡ ᠶᠢ | ᠡᠭᠦᠳᠬᠦ᠂ ᠦᠢᠯᠡᠳᠬᠦᠨ ᠤ ᠰᠢᠨ᠎ᠡ ᠶᠢ ᠡᠭᠦᠳᠬᠦ ᠪᠠ ᠵᠠᠬ᠎ᠠ ᠳᠡᠯᠭᠡᠭᠦᠷ ᠤᠨ ᠰᠢᠨ᠎ᠡ ᠶᠢ ᠡᠭᠦᠳᠬᠦ ᠪᠠᠷ ᠳᠠᠮᠵᠢᠨ᠂ ᠨᠡᠩ | ᠤᠯᠠᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ | ᠬᠦᠴᠦᠨ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠶᠠᠰᠤ | ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ | ᠥᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠨᠡᠮᠡᠭᠳᠡᠭᠦᠯᠬᠦ ᠶᠢ ᠬᠦᠰᠡᠵᠦ ᠪᠠᠶᠢᠨ᠎ᠠ ᠭᠡᠪᠡ᠃ | ᠬᠤᠷᠠᠯ ᠳᠡᠭᠡᠷ᠎ᠡ᠂ ᠵᠠᠷᠤᠳ ᠬᠤᠰᠢᠭᠤᠨ ᠤ ᠪᠠᠢ ᠱᠦᠨ ᠲᠡᠵᠢᠭᠡᠪᠦᠷᠢ ᠶᠢᠨ ᠬᠤᠷᠰᠢᠶ᠎ᠠ ᠳᠤ ᠲᠦᠩᠯᠢᠶᠣᠣ | ᠬᠤᠲᠠ ᠶᠢᠨ ᠠᠯᠠᠰᠢᠨ ᠦᠬᠡᠷ ᠤᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠤᠯᠠᠭ᠎ᠠ ᠥᠷᠲᠡᠭᠡ ᠶᠢᠨ ᠫᠠᠶᠢᠰᠠ | ᠣᠯᠭᠤᠪᠠ︔ ᠭᠠᠭ᠋ᠠᠶᠢᠲᠤ ᠭᠠᠴᠠᠭ᠎ᠠ ᠶᠢᠨ ᠯᠢ ᠢᠦᠢ ᠹᠧᠩ ᠮᠠᠯ ᠤᠨ ᠡᠮ ᠤᠨ ᠳᠡᠯᠭᠡᠭᠦᠷ᠂ ᠭᠡᠷᠴᠢᠯᠠᠭᠤ ᠭᠠᠴᠠᠭ᠎ᠠ ᠶᠢᠨ | ᠨᠠᠷᠠᠰᠤ ᠮᠠᠯ ᠤᠨ ᠡᠮ ᠤᠨ ᠳᠡᠯᠭᠡᠭᠦᠷ᠂ ᠪᠠᠶᠠᠷᠲᠤᠬᠤᠰᠢᠭᠤ ᠭᠠᠴᠠᠭ᠎ᠠ ᠶᠢᠨ ᠬᠤᠩ ᠰᠧᠨ ᠯᠢᠨ ᠮᠠᠯ ᠤᠨ ᠡᠮ ᠤᠨ | ᠳᠡᠯᠭᠡᠭᠦᠷ᠂ ᠪᠠᠶᠠᠨᠲᠦ᠋ᠮᠡᠨ ᠭᠠᠴᠠᠭ᠎ᠠ ᠶᠢᠨ ᠵᠠᠩ ᠸᠧᠨ ᠲᠤᠸ ᠮᠠᠯ ᠤᠨ ᠡᠮ ᠤᠨ ᠳᠡᠯᠭᠡᠭᠦᠷ ᠲᠤ ᠵᠠᠷᠤᠳ ᠬᠤᠰᠢᠭᠤᠨ ᠤ | ᠠᠯᠠᠰᠢᠨ ᠦᠬᠡᠷ ᠤᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠥᠷᠲᠡᠭᠡ ᠶᠢᠨ ᠫᠠᠶᠢᠰᠠ ᠣᠯᠭᠤᠪᠠ︔ ᠥᠪᠥᠷ | ᠮᠣᠩᠭᠤᠯ ᠤᠨ ᠭᠦᠸᠧ ᠺᠧ ᠰᠢᠨ ᠳ᠋ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ | ᠬᠢᠵᠠᠭᠠᠷᠲᠤ ᠺᠣᠮᠫᠠᠨᠢ ᠳᠤ ︽ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ︾ ᠤᠨ ᠫᠠᠶᠢᠰᠠ ᠣᠯᠭᠤᠪᠠ︔ | ᠥᠪᠥᠷ ᠮᠣᠩᠭᠤᠯ ᠤᠨ ᠴᠢᠩ ᠴᠢᠤᠸᠠᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ | ᠵᠠᠷᠤᠳ ᠬᠤᠰᠢᠭᠤᠨ ᠤ ᠯᠢᠦᠢ ᠹᠧᠩ ᠠᠮᠤ ᠪᠤᠳᠠᠭ᠎ᠠ ᠡᠳ᠋ᠰᠢᠭᠦᠯᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ | ᠭᠦᠸᠧ ᠺᠧ ᠰᠢᠨ ᠳ᠋ᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠨᠠᠴᠢ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠢᠵᠠᠭᠠᠷᠲᠤ | ᠺᠣᠮᠫᠠᠨᠢ᠂ ᠥᠪᠥᠷ ᠮᠣᠩᠭᠤᠯ ᠤᠨ ᠲᠠᠷᠢᠶᠠᠴᠢᠨ ᠬᠤᠳᠠᠯᠳᠤᠭᠠᠴᠢᠨ ᠬᠠᠮᠲᠤᠪᠠᠷ ᠠᠰᠢᠭ ᠭᠥᠷᠳᠡᠬᠦ ᠰᠦᠯᠵᠢᠶᠡᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ ᠳᠤ ︽2022 ᠣᠨ ᠤ ᠬᠥᠮᠥᠷᠭᠡ ᠳᠤ | ᠰᠢᠨ᠎ᠡ ᠪᠠᠷ ᠣᠷᠣᠭᠰᠠᠨ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ︾ ᠤᠨ ᠫᠠᠶᠢᠰᠠ | ᠣᠯᠭᠤᠪᠠ᠃ | ᠳᠠᠷᠠᠭ᠎ᠠ ᠨᠢ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠮᠢ | ᠨᠠᠰᠤᠨ ᠤ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ | ᠰᠤᠷᠭᠠᠭᠤᠯᠢ ᠶᠢᠨ ᠲᠠᠷᠢᠶᠠᠯᠠᠩ ᠤᠨ ᠳᠡᠭᠡᠳᠦ ᠰᠤᠷᠭᠠᠭᠤᠯᠢ ᠲᠣᠰ ᠲᠣᠰ ᠵᠠᠷᠤᠳ ᠬᠤᠰᠢᠭᠤᠨ ᠤ ᠬᠤᠷᠢᠶ᠎ᠠ ᠣᠶ | ᠰᠢᠭᠤᠢ ᠶᠢᠨ ᠲᠠᠯᠠᠪᠠᠶ ᠶᠢᠨ ᠹᠧᠩ ᠯᠢᠨ ᠴᠢᠬᠢ ᠮᠣᠳᠣᠨ ᠤ ᠲᠤᠰᠬᠠᠢ ᠬᠤᠷᠰᠢᠶ᠎ᠠ᠂ ᠰᠢᠨ ᠯᠢ ᠠᠮᠢ ᠠᠬᠤᠢ ᠶᠢᠨ | ᠲᠠᠷᠢᠶᠠᠯᠠᠩ ᠤᠨ ᠲᠠᠯᠠᠪᠠᠶ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ︔ ᠥᠪᠥᠷ ᠮᠣᠩᠭᠤᠯ ᠤᠨ | ᠦᠨᠳᠦᠰᠦᠲᠡᠨ ᠤ ᠶᠡᠭᠡ ᠰᠤᠷᠭᠠᠭᠤᠯᠢ ᠶᠢᠨ ᠲᠠᠷᠢᠶᠠᠯᠠᠩ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ | ᠦᠨᠳᠦᠰᠦᠲᠡᠨ ᠤ ᠶᠡᠭᠡ ᠰᠤᠷᠭᠠᠭᠤᠯᠢ ᠶᠢᠨ ᠠᠮᠢᠲᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠲᠣᠰ ᠲᠣᠰ ᠵᠠᠷᠤᠳ | ᠬᠤᠰᠢᠭᠤᠨ ᠤ ᠪᠠᠢ ᠱᠦᠨ ᠲᠡᠵᠢᠭᠡᠪᠦᠷᠢ ᠶᠢᠨ ᠲᠤᠰᠬᠠᠢ ᠬᠤᠷᠰᠢᠶ᠎ᠠ᠂ ᠥᠪᠥᠷ ᠮᠣᠩᠭᠤᠯ ᠤᠨ ᠲᠠᠷᠢᠶᠠᠴᠢᠨ | ᠬᠤᠳᠠᠯᠳᠤᠭᠠᠴᠢᠨ ᠬᠠᠮᠲᠤ ᠪᠠᠷ ᠠᠰᠢᠭ ᠭᠥᠷᠳᠡᠬᠦ ᠰᠦᠯᠵᠢᠶᠡᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ | ᠬᠤᠷᠠᠯ ᠲᠡᠭᠦᠰᠦᠭᠰᠡᠨ ᠤ ᠲᠠᠷᠠᠭ᠎ᠠ᠂ ᠬᠤᠷᠠᠯ ᠳᠤ ᠣᠷᠣᠯᠴᠠᠭᠰᠠᠳ ᠬᠠᠮᠲᠤ ᠪᠠᠷ ᠰᠢᠨᠵᠢᠯᠡᠭᠡ ᠮᠡᠷᠭᠡᠵᠢᠯ ᠤᠨ | ᠦᠷ᠎ᠡ ᠪᠦᠲᠦᠭᠡᠯ ᠤᠨ ᠦᠵᠡᠭᠦᠯᠦᠯᠭᠡ ᠶᠢ ᠲᠣᠭᠤᠷᠢᠨ ᠦᠵᠡᠪᠡ᠃ |