ᠵᠠᠷᠤᠳ ᠬᠤᠰᠢᠭᠤ᠄ ᠳᠣᠯᠠᠭᠠᠨ ᠬᠦᠯᠡᠮᠵᠢ ᠶᠢᠨ ᠢᠳᠡᠰᠢᠨ ᠨᠤᠭᠤᠭ᠎ᠠ ᠦᠢᠯᠡᠳᠪᠦᠷᠢᠯᠡᠯ ᠪᠣᠷᠤᠯᠠᠭᠤᠯᠭ᠎ᠠ ᠰᠠᠶᠢᠲᠠᠢ ᠪᠠᠶᠢᠨ᠎ᠠ
ᠨᠡᠶᠢᠲᠡᠯᠡᠭᠰᠡᠨ ᠴᠠᠭ᠄
2023/5/29
    ᠣᠶᠢᠷ᠎ᠠ ᠶᠢᠨ ᠡᠳᠦᠷ᠂ ᠵᠠᠷᠤᠳ ᠬᠤᠰᠢᠭᠤᠨ ᠤ ᠯᠦᠪᠧᠢ ᠪᠠᠯᠭᠠᠰᠤᠨ ᠤ ᠺᠦ᠋ ᠯᠦᠩ ᠱᠠᠨ ᠲᠣᠰᠬᠤᠨ ᠤ ᠠᠷᠠᠳ ᠵᠠᠩ ᡁᠢ ᠶᠢᠦ ᠶᠢᠨ ᠳᠣᠯᠠᠭᠠᠨ ᠬᠦᠯᠡᠮᠵᠢ ᠳᠤ ᠬᠦᠷᠬᠦ ᠳᠤ᠂ ᠠᠮᠲᠠᠲᠤ ᠬᠡᠮᠬᠡ ᠶᠢᠨ ᠠᠩᠬᠢᠯᠤᠮ᠎ᠠ ᠦᠨᠦᠷ ᠬᠠᠮᠠᠷ ᠴᠣᠷᠭᠢᠮ᠎ᠠ᠂ ᠪᠠᠷᠠᠯᠠᠬᠤᠶ᠎ᠠ᠂ ᠨᠣᠭᠤᠭᠠᠨ ᠨᠠᠪᠴᠢ ᠶᠢᠨ ᠳᠤᠮᠲᠠ ︽ᠠᠯᠳᠠᠨ ᠵᠢᠮᠢᠰ︾ ᠨᠠᠮᠠᠭ᠎ᠠ ᠪᠠᠨ ᠳᠠᠭᠠᠭᠠᠬᠤ ᠦᠭᠡᠢ ᠦᠨᠵᠡᠶᠢᠨ᠎ᠡ᠃ ᠤᠳᠠᠯ ᠦᠭᠡᠢ ᠪᠣᠯᠪᠠᠰᠤᠷᠠᠬᠤ ᠭᠡᠵᠦ ᠪᠠᠶᠢᠭ᠎ᠠ ︽ᠠᠯᠲᠠᠨ ᠵᠢᠮᠢᠰ︾  ᠢ ᠬᠠᠷᠠᠭᠠᠳ᠂ ᠵᠠᠩ ᡁᠢ ᠢᠦ ᠶᠡᠬᠡᠳᠡ ᠪᠠᠶᠠᠷᠯᠠᠬᠤ ᠶᠢᠨ ᠵᠡᠷᠭᠡᠪᠡᠷ᠂ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠣᠳᠣᠬᠠᠨ ᠳᠤ ᠬᠦᠯᠡᠮᠵᠢ ᠳᠠᠬᠢ ᠠᠮᠲᠠᠲᠤ ᠬᠡᠮᠬᠡ  ᠶᠢᠨ ᠤᠷᠭᠤᠴᠠ ᠮᠠᠰᠢ ᠰᠠᠶᠢᠨ ᠪᠠᠶᠢᠨ᠎ᠠ᠂ ᠵᠢᠱᠢᠯᠲᠡ ᠪᠠᠷ 2000 ᠵᠢᠩ ᠭᠠᠷᠴᠤ᠂ ᠵᠢᠩ ᠳᠡᠭᠡᠨ 10 ᠲᠥᠭᠦᠷᠢᠭ ᠣᠷᠴᠢᠮ ᠬᠤᠳᠠᠯᠳᠤᠨ᠎ᠠ ᠭᠡᠪᠡ᠃
604556350f284506a585de0b86fe309.jpg
    ︽ᠲᠣᠰᠬᠤᠨ ᠤ ᠨᠠᠮ ᠤᠨ ᠡᠭᠦᠷ ᠤᠨ ᠰᠠᠨᠠᠭᠤᠯᠭ᠎ᠠ ᠪᠠᠷ ᠡᠨᠡ ᠵᠢᠯ ᠠᠮᠲᠠᠲᠤ ᠬᠡᠮᠬᠡ ᠳᠠᠷᠢᠭᠰᠠᠨ ᠶᠤᠮ︾᠃ ᠥᠩᠭᠡᠷᠡᠭᠰᠡᠨ ᠳᠤ᠂ ᠵᠠᠩ ᡁᠢ ᠶᠢᠤ ᠶᠢᠨ ᠬᠦᠯᠡᠮᠵᠢ ᠳᠤ ᠥᠷᠭᠡᠰᠦᠲᠦ ᠬᠡᠮᠬᠡ᠂ ᠲᠥᠪᠡᠳ ᠬᠠᠰᠢ᠂ ᠴᠤᠭᠤᠷ ᠨᠣᠭᠤᠭ᠎ᠠ ᠵᠡᠷᠭᠡ ᠢᠳᠡᠰᠢᠨ ᠨᠣᠭᠤᠭ᠎ᠠ ᠲᠠᠷᠢᠵᠦ ᠪᠠᠶᠢᠪᠠ᠂ ᠡᠨᠡ ᠵᠢᠯ ᠲᠡᠷᠡ ᠲᠣᠰᠬᠤᠨ ᠤ ᠨᠠᠮ ᠤᠨ ᠡᠭᠦᠷ ᠤᠨ ᠰᠠᠨᠠᠭᠤᠯᠭ᠎ᠠ ᠪᠠᠷ ᠠᠮᠲᠠᠲᠤ ᠬᠡᠮᠬᠡ ᠲᠠᠷᠢᠵᠦ᠂ ᠣᠷᠣᠯᠭ᠎ᠠ ᠨᠢ 4000 ᠰᠢᠬᠠᠮ ᠲᠥᠭᠦᠷᠢᠭ ᠨᠡᠮᠡᠭᠳᠡᠬᠦ ᠪᠣᠯᠣᠨ᠎ᠠ᠃    ᠪᠢᠴᠢᠬᠠᠨ ᠠᠮᠲᠠᠲᠤ ᠬᠡᠮᠬᠡ ᠶᠢᠨ ᠡᠶᠢᠮᠦ ᠥᠨᠳᠥᠷ ᠠᠰᠢᠭ ᠣᠷᠣᠯᠭ᠎ᠠ ᠲᠠᠢ ᠪᠠᠶᠢᠬᠤ ᠶᠢ ᠦᠵᠡᠭᠡᠳ ᠵᠠᠩ ᡁᠢ ᠶᠢᠦ ᠶᠢᠨ ᠵᠣᠷᠢᠭ ᠢ ᠤᠯᠠᠮ ᠡᠷᠴᠢᠯᠡᠪᠡ᠂ ︽ᠳᠠᠷᠠᠭ᠎ᠠ ᠵᠢᠯ ᠪᠢ ᠭᠡᠷ ᠤᠨ ᠢᠶᠠᠨ ᠬᠤᠶᠠᠷ ᠬᠦᠯᠡᠮᠵᠢ ᠳᠤ ᠴᠣᠮ ᠠᠮᠲᠠᠲᠤ ᠬᠡᠮᠬᠡ ᠲᠠᠷᠢᠬᠤ ᠪᠠᠷ ᠲᠥᠯᠥᠪᠯᠡᠵᠦ ᠪᠠᠶᠢᠨ᠎ᠠ︾ ᠭᠡᠵᠦ ᠵᠠᠩ ᡁᠢ ᠶᠢᠤ ᠶᠢᠨ ᠲᠠᠨᠢᠯᠴᠠᠭᠤᠯᠤᠨ ᠬᠡᠯᠡᠪᠡ᠂ ᠲᠡᠳᠡᠨ ᠤ ᠬᠢᠨ 2 ᠲᠣᠮᠣ ᠬᠦᠯᠡᠮᠵᠢ ᠡᠵᠡᠩᠨᠡᠵᠦ ᠪᠠᠶᠢᠨ᠎ᠠ᠂ ᠡᠨᠡ ᠵᠢᠯ ᠵᠢᠱᠢᠯᠲᠡ ᠪᠠᠷ ᠣᠷᠣᠯᠭ᠎ᠠ ᠨᠢ 3 ᠲᠦᠮᠡ ᠭᠠᠷᠤᠢ ᠲᠥᠭᠦᠷᠢᠭ ᠬᠦᠷᠬᠦ ᠪᠣᠯᠣᠨ᠎ᠠ᠃    ᠨᠢᠭᠡᠨ ᠰᠠᠶᠢᠨ ᠠᠵᠤ ᠦᠢᠯᠡᠰ ᠪᠣᠯ ᠳᠠᠷᠤᠢ ᠪᠠᠶᠠᠵᠢᠯ ᠤᠨ ᠵᠠᠮ ᠪᠣᠯᠣᠨ᠎ᠠ᠃ ᠺᠥ᠋ ᠯᠦᠩ ᠱᠠᠨ ᠲᠣᠰᠬᠤᠨ ᠤ ᠨᠠᠮ ᠤᠨ ᠡᠭᠦᠷ ᠤᠨ ᠳᠠᠭᠠᠭᠤᠯᠭ᠎ᠠ ᠪᠠᠷ ᠲᠣᠰᠬᠤᠨ ᠤ ᠠᠷᠠᠳ ᠤᠳ ᠠᠮᠲᠠᠲᠤ ᠬᠡᠮᠬᠡ ᠳᠠᠷᠢᠭᠰᠠᠨ ᠲᠤᠷᠰᠢᠯᠭ᠎ᠠ ᠪᠠᠨ ᠠᠭᠠᠵᠢᠮ ᠢᠶᠠᠷ ᠡᠷᠢᠯᠬᠢᠯᠡᠵᠦ᠂ ᠲᠡᠲᠡᠨ ᠤ ᠳᠠᠷᠢᠭᠰᠠᠨ ᠠᠮᠲᠠᠲᠤ ᠬᠡᠮᠬᠡ ᠶᠢᠨ ᠪᠡᠶ᠎ᠡ ᠪᠢᠯᠳᠠᠷ ᠶᠡᠭᠡ᠂ ᠠᠩᠬᠢᠯᠤᠮ᠎ᠠ ᠰᠠᠶᠢᠬᠠᠨ ᠠᠮᠲᠠᠲᠠᠢ᠂ ᠬᠡᠷᠡᠭᠯᠡᠭᠴᠢᠳ ᠤᠨ ᠳᠤᠷ᠎ᠠ ᠪᠠᠬ᠎ᠠ ᠶᠢ ᠶᠡᠬᠡᠳᠡ  ᠲᠠᠲᠠᠪᠠ᠃
539f48afbbfb0aca40722a81204242e.jpg
    ᠺᠦ᠋ ᠯᠦᠩ ᠱᠠᠨ ᠲᠣᠰᠬᠤᠨ ᠤ ᠠᠷᠠᠳ ᠤᠨ ᠵᠥᠪᠯᠡᠯ ᠤᠨ ᠳᠡᠳ᠋ ᠡᠷᠬᠢᠯᠡᠭᠴᠢ ᠰᠢᠦᠢ ᠯᠢᠶᠠᠨ ᠾᠧ ᠶᠢᠨ ᠲᠠᠨᠢᠯᠴᠠᠭᠤᠯᠤᠭᠰᠠᠨ ᠢᠶᠠᠷ᠂ ︽ᠮᠠᠨ ᠤ ᠲᠣᠰᠬᠤᠨ ᠲᠥᠬᠦᠭᠡᠷᠦᠮᠵᠢᠲᠦ ᠲᠠᠷᠢᠶᠠᠯᠠᠩ ᠤᠨ  ᠳᠣᠯᠠᠭᠠᠨ ᠬᠦᠯᠡᠮᠵᠢ ᠶᠢ ᠬᠥᠭᠵᠢᠭᠦᠯᠦᠭᠡᠳ ᠨᠢᠭᠡᠨᠲᠡ ᠠᠷᠪᠠᠨ ᠵᠢᠯ ᠪᠣᠯᠵᠤ ᠪᠠᠶᠢᠨ᠎ᠠ᠂ ᠲᠣᠰᠬᠤᠨ ᠤ ᠠᠷᠠᠳ ᠤᠨ ᠢᠳᠡᠪᠬᠢᠵᠢᠯ ᠴᠥᠮ ᠣᠨᠴᠠᠭᠠᠶ ᠥᠨᠳᠥᠷ ᠪᠠᠶᠢᠵᠤ᠂ ᠬᠦᠯᠡᠮᠵᠢ ᠨᠢᠭᠡᠪᠦᠷᠢ ᠶᠢ ᠨᠢᠭᠡ ᠵᠢᠯ ᠳᠤ ᠳᠥᠷᠪᠡᠨ ᠤᠳᠠᠭ᠎ᠠ ᠳᠠᠷᠢᠵᠤ ᠪᠣᠯᠣᠨ᠎ᠠ᠂ ᠲᠣᠰᠬᠤᠨ ᠤ ᠠᠷᠠᠳ ᠵᠢᠯ ᠤᠨ ᠳᠥᠷᠪᠡᠨ ᠤᠯᠠᠷᠢᠯ ᠳᠤ ᠴᠥᠮ ᠬᠢᠬᠦ ᠠᠵᠢᠯ ᠲᠠᠢ᠂ ᠠᠰᠢᠭ ᠣᠷᠣᠯᠭ᠎ᠠ ᠲᠠᠢ ᠪᠠᠶᠢᠵᠤ᠂ ᠠᠮᠢᠳᠤᠷᠠᠯ ᠨᠢ ᠶᠠᠪᠤᠬᠤ ᠲᠤᠲᠤᠮ ᠰᠠᠶᠢᠵᠢᠷᠠᠵᠤ ᠪᠠᠶᠢᠨ᠎ᠠ︾ ᠭᠡᠪᠡ᠃    ᠣᠶᠢᠷ᠎ᠠ ᠶᠢᠨ ᠵᠢᠯ ᠠᠴᠠ᠂ ᠵᠠᠷᠤᠳ ᠬᠤᠰᠢᠭᠤᠨ ᠤ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠬᠦᠷᠢᠶ᠎ᠡ ᠬᠠᠰᠢᠶ᠎ᠠ ᠶᠢᠨ ᠳᠣᠯᠠᠭᠠᠨ ᠬᠦᠯᠡᠮᠵᠢ ᠶᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ ᠵᠠᠮ ᠤᠨ ᠨᠢᠭᠡ ᠪᠣᠯᠭᠠᠵᠤ᠂ ᠲᠠᠷᠢᠶᠠᠴᠢᠳ ᠤᠨ ︽ᠳᠣᠯᠠᠭᠠᠨ ᠬᠦᠯᠡᠮᠵᠢ ᠶᠢᠨ ᠠᠵᠤ ᠠᠬᠤᠢ︾  ᠶᠢ ᠬᠥᠭᠵᠢᠭᠦᠯᠬᠦ ᠶᠢ ᠢᠳᠡᠪᠬᠢᠲᠡᠢ ᠬᠥᠲᠥᠯᠥᠨ ᠵᠢᠯᠤᠭᠤᠳᠬᠤ ᠪᠠ ᠲᠡᠳᠬᠦᠵᠦ᠂ ᠪᠤᠷᠴᠠᠭ ᠤᠨ ᠲᠦᠷᠦᠯ᠂ ᠭᠤᠸᠠ ᠶᠢᠨ ᠲᠦᠷᠦᠯ ᠵᠡᠷᠭᠡ ᠢᠳᠡᠰᠢᠨ ᠨᠣᠭᠤᠭ᠎ᠠ ᠵᠢᠮᠢᠰ ᠢ ᠰᠣᠩᠭᠤᠨ ᠢᠵᠢ ᠪᠦᠷᠢᠳᠦᠭᠦᠯᠦᠨ ᠲᠠᠷᠢᠵᠦ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠭᠰᠡᠨ ᠪᠥᠭᠡᠳ ᠪᠠᠰᠠ ᠨᠢᠭᠡ ᠬᠦᠯᠡᠮᠵᠢ ᠶᠢ ᠤᠯᠠᠨ ᠬᠡᠷᠡᠭᠯᠡᠬᠦ᠂ ᠨᠢᠭᠡ ᠭᠠᠵᠠᠷ ᠲᠤ ᠤᠯᠠᠨ ᠤᠯᠠᠷᠢᠯ᠂ ᠨᠢᠭᠡ ᠵᠢᠯ ᠳᠤ ᠤᠯᠠᠨ ᠬᠤᠷᠢᠶᠠᠯᠲᠠ ᠣᠯᠬᠤ ᠶᠢ ᠪᠡᠶᠡᠯᠡᠭᠦᠯᠪᠡ᠃    ᠦᠯᠵᠡᠶᠢᠮᠦ᠋ᠷᠡᠨ ᠰᠤᠮᠤᠨ ᠤ ᠲᠡᠰᠬᠢ ᠲᠣᠰᠬᠤᠨ ᠤ ᠸᠠᠩ ᠱᠧᠦ ᠸᠧᠨ ᠣᠪᠣᠭᠲᠤ ᠶᠢᠨ ᠢᠳᠡᠰᠢᠨ ᠨᠣᠭᠤᠭ᠎ᠠ ᠶᠢᠨ ᠬᠦᠯᠡᠮᠵᠢ ᠳᠤ᠂ ᠨᠣᠪ ᠨᠣᠭᠤᠭᠠᠨ ᠨᠣᠭᠤᠭ᠎ᠠ ᠨᠢᠭᠡᠨᠲᠡ ᠬᠤᠷᠢᠶᠠᠯᠲᠠ ᠶᠢᠨ ᠬᠤᠭᠤᠴᠠᠭᠠᠨ ᠳᠠᠭᠠᠨ ᠣᠷᠣᠵᠤ᠂ ᠸᠠᠩ ᠱᠧᠦ ᠸᠧᠨ ᠬᠥᠬᠡ ᠨᠣᠭᠤᠭ᠎ᠠ ᠪᠠᠨ ᠬᠠᠳᠤᠵᠤ ᠶᠠᠭᠠᠷᠠᠯᠳᠤᠵᠤ ᠪᠠᠶᠢᠯ᠎ᠠ᠃    ︽ᠡᠨᠡ ᠵᠢᠯ ᠰᠢᠯᠢᠮᠳᠡᠭ᠂ ᠦᠨᠦᠷᠲᠦ ᠨᠣᠭᠤᠭ᠎ᠠ᠂ ᠵᠢᠵᠢᠭ ᠴᠠᠭᠠᠨ ᠨᠣᠭᠤᠭ᠎ᠠ᠂ ᠪᠤᠷᠴᠠᠭ ᠵᠡᠷᠭᠡ ᠢᠳᠡᠰᠢᠨ ᠨᠣᠭᠤᠭ᠎ᠠ ᠶᠢ ᠲᠠᠷᠢᠵᠤ᠂ ᠴᠥᠮ ᠨᠤᠲᠤᠭ ᠤᠨ ᠪᠣᠷᠳᠣᠭᠤᠷ ᠣᠷᠣᠭᠤᠯᠵᠤ᠂ ᠪᠣᠬᠢᠷᠲᠤᠯ ᠦᠭᠡᠢ ᠨᠡᠶᠢᠲᠡ ᠶᠢᠨ ᠪᠦᠲᠦᠭᠡᠭᠳᠡᠬᠦᠨ ᠬᠤᠣᠷᠳᠤᠯ ᠦᠭᠡᠢ ᠪᠣᠯᠣᠨ᠎ᠠ᠃︾ ᠸᠠᠩ ᠱᠧᠦ ᠸᠧᠨ ᠲᠠᠨᠢᠯᠴᠠᠭᠤᠯᠬᠤ ᠳᠠᠭᠠᠨ᠂ ᠲᠡᠳᠡᠨ ᠤ ᠬᠢᠨ 4 ᠢᠳᠡᠰᠢᠨ ᠨᠣᠭᠤᠭᠠᠨ ᠤ ᠬᠦᠯᠡᠮᠵᠢ ᠡᠵᠡᠩᠨᠡᠵᠦ᠂ ᠪᠣᠬᠢᠷᠲᠤᠯ ᠦᠭᠡᠢ ᠭᠡᠷᠡᠴᠢᠯᠡᠯ ᠤᠨ ︽  ᠬᠢᠷᠢ ᠭᠡᠮ᠎ᠡ︾ ᠢᠶᠠᠷ ᠵᠠᠬ᠎ᠠ ᠳᠡᠯᠭᠡᠭᠦᠷ ᠲᠤ ᠪᠣᠷᠣᠯᠠᠭᠤᠯᠤᠭᠳᠠᠵᠤ ᠪᠠᠶᠢᠨ᠎ᠠ᠃    ᠶᠢᠰᠦᠨ ᠮᠣᠳᠤ ᠭᠠᠴᠠᠭᠠᠨ ᠤ ᠯᠢᠦ ᠰᠢᠶᠣᠣ ᠶᠠᠨ ᠤ ᠬᠢᠨ ᠸᠠᠩ ᠱᠧᠦ ᠸᠧᠨ ᠬᠢᠨ ᠤ ᠨᠣᠭᠤᠭ᠎ᠠ ᠪᠣᠯᠪᠠᠰᠤᠷᠠᠭᠰᠠᠨ ᠢ ᠰᠣᠨᠣᠰᠤᠮᠠᠭᠴᠠ ᠳᠠᠷᠤᠢ ᠲᠦᠷᠭᠡᠨ ᠢᠷᠡᠵᠦ ᠬᠤᠳᠠᠯᠳᠤᠨ ᠠᠪᠣᠪᠠ᠃ ︽ᠲᠡᠳᠡᠨ ᠤ ᠭᠡᠷ ᠤᠨ ᠨᠣᠭᠤᠭ᠎ᠠ ᠲᠠᠷᠢᠶᠠᠨ ᠡᠮ ᠵᠠᠷᠣᠴᠠᠭᠤᠯᠵᠤ ᠦᠭᠡᠢ᠂ ᠠᠮᠲᠠ ᠰᠠᠶᠢᠲᠠᠢ ᠪᠣᠯᠬᠤᠷ ᠪᠢᠳᠡ ᠭᠡᠷ ᠢᠶᠠᠷ ᠢᠶᠠᠨ ᠴᠥᠮ ᠲᠡᠳᠡᠨ ᠤ ᠨᠣᠭᠤᠭ᠎ᠠ ᠶᠢ ᠢᠳᠡᠬᠦ ᠳᠤᠷᠠᠲᠠᠢ ᠪᠠᠶᠢᠳᠠᠭ︾ ᠭᠡᠵᠦ ᠯᠢᠦ ᠰᠢᠶᠣᠣ ᠶᠠᠨ ᠨᠣᠭᠤᠭ᠎ᠠ ᠪᠠᠨ ᠲᠡᠭᠦᠬᠦ ᠶᠢᠨ ᠳᠠᠭᠠᠤ ᠬᠡᠯᠡᠪᠡ᠃    ︽ᠮᠠᠨ ᠤ ᠭᠡᠷ ᠤᠨ ᠨᠣᠭᠤᠭ᠎ᠠ ᠬᠤᠳᠠᠯᠳᠣᠵᠤ ᠭᠠᠷᠬᠤ ᠦᠭᠡᠢ ᠠᠴᠠ ᠵᠣᠪᠠᠭ᠋ᠤ ᠦᠭᠡᠢ᠃︾ ᠸᠠᠩ ᠱᠧᠦ ᠸᠧᠨ ᠬᠡᠲᠦ ᠳᠡᠯᠭᠡᠭᠦᠷ ᠲᠠᠢ ᠵᠠᠬᠢᠶᠠᠯᠠᠭ᠎ᠠ᠂ ᠲᠣᠭᠲᠠᠬᠤ ᠸᠢᠴᠠᠲ᠂ ᠤᠲᠠᠰᠤ ᠪᠠᠷ ᠵᠠᠬᠢᠶᠠᠯᠠᠬᠤ ᠵᠡᠷᠭᠡ ᠬᠡᠯᠪᠡᠷᠢ ᠪᠠᠷ ᠢᠳᠡᠰᠢᠨ ᠨᠣᠭᠤᠭ᠎ᠠ ᠪᠠᠨ ᠬᠤᠳᠠᠯᠳᠤᠳᠠᠭ ᠪᠣᠯᠬᠤᠷ᠂ ᠢᠳᠡᠰᠢᠨ ᠨᠣᠭᠤᠭ᠎ᠠ ᠨᠢ ᠪᠣᠯᠪᠠᠰᠤᠷᠠᠮᠠᠭᠴᠠ ᠬᠤᠳᠠᠯᠳᠤᠨ ᠠᠪᠤᠭᠴᠢᠳ ᠬᠤᠭᠤᠰᠤᠷᠠᠲᠠᠯ᠎ᠠ ᠠᠪᠠᠴᠢᠳᠠᠭ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠪᠤᠢ᠂ ᠵᠠᠷᠤᠳ ᠬᠤᠰᠢᠭᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠬᠦᠯᠡᠮᠵᠢ ᠶᠢᠨ ᠢᠳᠡᠰᠢᠨ ᠨᠣᠭᠤᠭ᠎ᠠ ᠲᠠᠷᠢᠬᠤ ᠰᠢᠨ᠎ᠡ ᠵᠠᠭᠪᠤᠷ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠦᠴᠦᠯᠡᠬᠦ ᠴᠡᠭ ᠪᠣᠯᠭᠠᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠤᠷᠮ᠎ᠠ ᠪᠣᠯᠣᠨ ᠨᠡᠮᠡᠯᠲᠡ ᠦᠷᠳᠡᠭ ᠢ ᠳᠡᠭᠡᠭᠰᠢᠯᠡᠭᠦᠯᠬᠦ ᠪᠠᠷ ᠳᠠᠮᠵᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠪᠡᠶᠡᠯᠡᠭᠦᠯᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号