ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠺᠠᠳ᠋ᠷᠴᠤᠳ ᠤᠨ ᠴᠡᠭ ᠲᠤ ᠰᠠᠭᠤᠬᠤ ᠠᠵᠢᠯ ᠤᠨ ᠳᠤᠭᠤᠶᠢᠯᠠᠩ ᠬᠢᠨ ᠵᠠᠷᠤᠳ ᠬᠤᠰᠢᠭᠤᠨ ᠳᠤ ᠢᠷᠡᠵᠦ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/29
    5 ᠰᠠᠷ᠎ᠠ ᠶᠢᠨ 25 ᠤ ᠡᠳᠦᠷ᠂ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠺᠠᠳ᠋ᠷᠴᠤᠳ ᠤᠨ ᠴᠡᠭ ᠲᠤ ᠰᠠᠭᠤᠬᠤ ᠠᠵᠢᠯ ᠤᠨ ᠳᠤᠭᠤᠶᠢᠯᠠᠩ ᠤᠨ ᠳᠠᠷᠤᠭ᠎ᠠ᠂ ᠳᠤᠮᠳᠠᠳᠤ ᠤᠯᠤᠰ ‍ᠤᠨ‌ᠮᠠᠰᠢᠨ ᠮᠧᠬᠠᠨᠢᠭ ᠲᠡᠮᠦᠷᠯᠢᠭ ᠪᠠᠷᠢᠯᠭ᠎ᠠ ᠶᠢᠨ ᠮᠠᠲ᠋ᠧᠷᠢᠶᠠᠯ ᠤᠨ ᠠᠵᠢᠯᠴᠢᠨ ᠤ ᠡᠪᠯᠡᠯ ᠤᠨ ᠳᠡᠳ᠋ ᠲᠡᠷᠢᠭᠦᠯᠡᠭᠴᠢ ᠵᠠᠩ ᠵᠢᠶᠧ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠵᠠᠷᠤᠳ ᠬᠤᠰᠢᠭᠤᠨ ᠳᠤ  ᠢᠷᠡᠵᠦ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠬᠠᠨ ᠶᠠ ᠴᠧᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠦᠦ ᠯᠦᠩ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠤᠶᠤ ᠰᠠᠭᠤᠳᠠᠯ ᠤᠨ ᠬᠤᠷᠠᠯ ᠳᠤ ᠣᠷᠣᠯᠴᠠᠪᠠ
b8af67c74fc3587e304cdc3984cc85d.jpg
    ᠵᠠᠩ ᠵᠢᠶᠧ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠵᠠᠬᠠᠨᠠᠭᠤᠷ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ᠂ ᠬᠠᠨ ᠠᠭᠤᠯᠠ ᠷᠠᠳᠢᠣ᠋ ᠲᠧᠯᠸᠢᠰ ᠪᠢᠴᠢᠯ ᠳᠣᠯᠭᠢᠶᠠᠨ ᠤ ᠭᠤᠣᠯ ᠦᠷᠳᠡᠭᠡ᠂ ᠯᠦᠪᠸᠢ ᠵᠡᠭᠡᠯᠢ ᠭᠤᠳᠤᠮᠵᠢ ᠶᠢᠨ ᠹᠦ᠋ ᠯᠢ ᠴᠦᠨ ᠴᠧᠩ ᠨᠡᠶᠢᠭᠡᠮ ᠲᠣᠭᠤᠷᠢᠭ ᠤᠨ ᠭᠡᠷ ᠤᠨ ᠭᠠᠳᠠᠨᠠᠬᠢ ᠬᠥᠳᠡᠯᠮᠦᠷᠢ ᠶᠢᠨ ᠦᠢᠯᠡᠴᠢᠯᠡᠭᠡᠨ ᠤ ᠦᠷᠳᠡᠭᠡ ᠴᠡᠭ᠂ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠮᠠᠲ᠋ᠧᠷᠢᠶᠠᠯ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠨᠢᠭᠤᠷᠲᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠨ ᠪᠥᠬᠦ ᠬᠤᠰᠢᠭᠤᠨ ᠤ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ  ᠣᠶᠢᠯᠠᠭᠠᠪᠠ᠃
c9a16de45f37563cefbbaa399cf631a.jpg
    ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠳᠠᠭᠤᠰᠤᠭᠰᠠᠨ ᠤ ᠳᠠᠷᠠᠭ᠎ᠠ ᠰᠠᠭᠤᠳᠠᠯ ᠤᠨ ᠬᠤᠷᠠᠯ ᠬᠢᠪᠡ᠂ ᠵᠠᠩ ᠵᠢᠶᠧ ᠴᠢᠬᠤᠯᠠᠴᠢᠯᠠᠭᠰᠠᠨ ᠨᠢ᠂ ᠵᠠᠷᠤᠳ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠬᠢᠨ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠨᠠᠮ ᠤᠨ ᠪᠠᠶᠢᠭᠤᠯᠤᠯᠲᠠ ᠪᠠᠷ ᠠᠵᠤ ᠦᠢᠯᠡᠳᠪᠦᠷᠢ ᠶᠢᠨ ᠪᠠᠶᠢᠭᠤᠯᠤᠯᠲᠠ ᠶᠢ ᠳᠠᠶᠢᠴᠢᠯᠠᠬᠤ ᠶᠢ ᠪᠠᠷᠢᠮᠲᠠᠯᠠᠨ᠂ ᠤᠯᠤᠰ ᠲᠥᠷᠥ ᠪᠠᠷ ᠬᠥᠲᠥᠯᠥᠨ ᠳᠠᠭᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠥᠷᠭᠡᠨ ᠣᠯᠠᠨ ᠠᠵᠢᠯᠲᠠᠨ ᠠᠵᠢᠯᠴᠢᠨ ᠢ ᠬᠥᠲᠥᠯᠥᠨ ᠳᠠᠭᠠᠭᠤᠯᠵᠤ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠶᠠᠪᠣᠬᠤ ᠬᠡᠷᠡᠭᠲᠡᠢ᠃ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠠᠵᠢᠯ ᠢ ᠠᠵᠢᠯᠴᠢᠨ ᠤ ᠡᠪᠯᠡᠯ ᠤᠨ ᠲᠡᠷᠢᠭᠦᠨ ᠴᠢᠬᠤᠯᠠ ᠡᠭᠦᠷᠭᠡ᠂ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠤᠯᠤᠰ ᠲᠦᠷᠦ ᠶᠢᠨ ᠵᠣᠭᠰᠣᠴᠠ ᠪᠠᠨ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠠᠵᠢᠯ ᠢ ᠦᠨᠡᠨᠬᠦ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠠᠵᠤ ᠠᠬᠤᠶᠢᠯᠠᠯ ᠤᠨ ᠠᠵᠢᠯᠴᠢᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠢᠳᠡᠪᠬᠢᠲᠡᠢ ᠳᠠᠶᠢᠴᠢᠯᠠᠵᠤ᠂ ᠠᠵᠤ ᠦᠢᠯᠡᠰ ᠤᠨ ᠠᠵᠢᠯᠴᠢᠨ ᠤ ᠬᠡᠪ ᠴᠢᠨᠠᠷ ᠤᠨ ᠳᠡᠭᠡᠭᠰᠢᠯᠡᠯᠲᠡ ᠳᠤ ᠬᠦᠴᠦᠨ ᠨᠡᠮᠡᠷᠢᠯᠡᠵᠦ᠂ ᠠᠵᠤ ᠦᠢᠯᠡᠰ ᠤᠨ ᠠᠵᠢᠯᠴᠢᠨ ᠤ ᠬᠥᠳᠡᠯᠮᠦᠷᠢ ᠶᠢᠨ ᠣᠷᠬᠢᠯᠣᠮ᠎ᠠ ᠬᠠᠯᠠᠭᠤᠨ ᠰᠡᠳᠬᠢᠯᠭᠡ ᠶᠢ ᠬᠥᠭᠵᠢᠭᠡᠵᠦ᠂ ᠵᠠᠷᠤᠳ ᠬᠤᠰᠢᠭᠤᠨ ᠤ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠭᠠᠪᠢᠶ᠎ᠠ ᠵᠢᠳᠬᠦᠯ ᠦᠵᠡᠭᠦᠯᠬᠦ ᠬᠡᠷᠡᠭᠲᠡᠢ ᠭᠡᠪᠡ᠃    ᠬᠠᠨ ᠶᠠ ᠴᠧᠩ ᠵᠢᠭᠠᠪᠣᠷᠢᠯᠠᠭᠰᠠᠨ ᠨᠢ᠂ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ︽ᠰᠢᠶᠠᠨ ᠤ ᠱᠠᠲᠤᠨ ᠤ ᠠᠵᠢᠯᠴᠢᠨ ᠤ ᠡᠪᠯᠡᠯ ᠢ ᠴᠢᠩᠭᠠᠳᠬᠠᠬᠤ ᠣᠨ︾ ᠤ ᠠᠵᠢᠯᠯᠠᠭ᠎ᠠ ᠳᠤ ᠳᠤᠷᠠᠳᠤᠭᠰᠠᠨ ︽ᠲᠠᠪᠤ ᠶᠢ ᠬᠦᠴᠦᠷᠭᠡᠭᠵᠢᠭᠦᠯᠬᠦ︾ ᠬᠠᠷᠠᠯᠲᠠ ᠶᠣᠰᠣᠭᠠᠷ᠂ ᠰᠢᠶᠠᠨ ᠤ ᠱᠠᠲᠤᠨ ᠤ ᠠᠵᠢᠯᠴᠢᠨ ᠤ ᠡᠪᠯᠡᠯ ᠤᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠤᠨ ᠬᠠᠮᠲᠤᠯᠢᠭ ᠢ ᠨᠢᠭᠲᠠ ᠠᠩᠬᠠᠷᠴᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ  ᠪᠠᠶᠢᠭᠤᠯᠪᠠᠰᠤ ᠵᠣᠬᠢᠬᠤ ᠪᠦᠬᠦᠨ ᠢ ᠴᠥᠮ ᠪᠠᠶᠢᠭᠤᠯᠵᠤ᠂ ᠠᠵᠢᠯᠴᠢᠨ ᠤ ᠡᠪᠯᠡᠯ ᠤᠨ ᠭᠡᠰᠢᠭᠦᠨ ᠢ ᠣᠷᠣᠭᠤᠯᠪᠠᠰᠤ ᠵᠣᠬᠢᠬᠤ ᠪᠦᠬᠦᠨ ᠢ ᠴᠥᠮ ᠣᠷᠣᠭᠤᠯᠵᠤ᠂ ᠰᠠᠭᠤᠷᠢ ᠲᠤᠭ᠎ᠠ ᠲᠣᠳᠣᠷᠬᠠᠢ᠂ ᠪᠠᠶᠢᠳᠠᠯ ᠲᠣᠳᠣᠷᠬᠠᠢ ᠪᠣᠯᠭᠠᠬᠤ ᠬᠡᠷᠡᠭᠲᠡᠢ᠃ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠨᠡᠪᠲᠡᠷᠡᠯᠴᠡᠵᠦ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠠᠵᠢᠯ ᠢ ᠬᠤᠷᠸ᠎ᠠ ᠲᠥᠷᠥ ᠶᠢᠨ ᠪᠣᠳᠣᠯᠭ᠎ᠠ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ᠂ ᠨᠡᠶᠢᠭᠡᠮ ᠤᠨ ᠲᠥᠷᠥ ᠶᠢᠨ ᠪᠣᠳᠣᠯᠭ᠎ᠠ ᠯᠤᠭ᠎ᠠ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠨᠢᠭᠲᠠ ᠬᠠᠮᠵᠢᠯᠴᠠᠬᠤ᠂ ᠵᠣᠬᠢᠴᠠᠭᠤᠯᠤᠨ ᠠᠬᠢᠭᠤᠯᠬᠤ ᠶᠢ ᠴᠢᠩᠭᠠᠳᠬᠠᠵᠤ᠂ ᠪᠥᠬᠦ ᠬᠤᠰᠢᠭᠤᠨ ᠤ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠠᠵᠢᠯ ᠢ ᠭᠦᠨᠵᠡᠭᠡᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃    ᠪᠦᠦ ᠸᠧᠨ ᠯᠠᠨ ᠳᠡᠭᠡᠳᠦ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠴᠠ ᠵᠠᠷᠤᠳ ᠬᠤᠰᠢᠭᠤᠨ ᠤ ᠠᠵᠢᠯᠴᠢᠨ ᠤ ᠡᠪᠯᠡᠯ ᠤᠨ ᠠᠵᠢᠯ ᠤᠨ ᠵᠢᠯᠣᠭᠤᠳᠤᠯᠭ᠎ᠠ ᠪᠠ ᠬᠠᠪᠰᠤᠷᠤᠯᠭ᠎ᠠ ᠪᠠᠨ ᠦᠷᠭᠦᠯᠵᠢᠯᠡᠨ ᠬᠦᠰᠡᠬᠦ ᠶᠢᠨ ᠬᠠᠮᠲᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠪᠥᠬᠦ ᠬᠤᠰᠢᠭᠤᠨ ᠤ ᠠᠵᠢᠯᠴᠢᠨ ᠤ ᠡᠪᠯᠡᠯ ᠤᠨ ᠠᠵᠢᠯ  ᠢ ᠶᠡᠭᠡ ᠪᠠᠷ ᠲᠦᠯᠬᠢᠨ ᠠᠬᠢᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠳᠤ ᠨᠠᠩ ᠰᠠᠶᠢᠨ ᠦᠢᠯᠡᠴᠢᠯᠡᠨ᠎ᠡ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号