ᠣᠶᠢᠷ᠎ᠠ ᠳᠤ᠂ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠡᠯ᠎ᠡ ᠨᠠᠮ ᠤᠨ ᠡᠭᠦᠷ ᠠᠴᠠ ︽ᠦᠨᠳᠦᠰᠦᠲᠡᠨ ᠤ ᠬᠠᠤᠯᠢ ᠪᠠᠷ ᠵᠠᠰᠠᠬᠤ | ᠤᠬᠠᠭᠤᠯᠭ᠎ᠠ ᠶᠢᠨ ᠭᠠᠷᠠᠭ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠨ ᠺᠠᠳ᠋ᠷ ᠰᠠᠭᠤᠭᠠᠯᠢ ᠠᠷᠠᠳ ᠤᠨ | ᠲᠣᠭᠤᠷᠢᠭ᠂ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ ᠳᠤ ᠬᠦᠷᠴᠦ ᠥᠷᠭᠡᠨ ᠣᠯᠠᠨ ᠰᠠᠭᠤᠭᠠᠯᠢ ᠠᠷᠠᠳ ᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠬᠤ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠬᠠᠤᠯᠢ︾ ᠵᠡᠷᠭᠡ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠨᠠᠮ ᠤᠨ | ᠦᠨᠳᠦᠰᠦᠲᠡᠨ ᠤ ᠠᠵᠢᠯ ᠤᠨ ᠮᠡᠳᠡᠪᠡᠯ ᠵᠣᠬᠢᠬᠤ ᠮᠡᠳᠡᠯᠭᠡ ᠶᠢᠨ ᠭᠠᠷ ᠳᠡᠪᠲᠡᠷ ᠢ ᠲᠠᠷᠬᠠᠭᠠᠭᠰᠠᠨ ᠪᠥᠭᠡᠳ ︽ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ | ᠡᠭᠦᠳᠦᠨ ᠪᠠᠶᠢᠭᠤᠯᠬᠤ︾ ᠰᠠᠨᠠᠭᠠᠴᠢᠯᠠᠭ᠎ᠠ ᠶᠢᠨ ᠪᠢᠴᠢᠭ ᠢ ᠢᠯᠡ ᠨᠠᠭᠠᠪᠠ᠃ ᠡᠭᠦᠨ ᠤ ᠵᠡᠷᠭᠡᠴᠡᠭᠡᠪᠡᠷ᠂ ᠤᠯᠠᠨ | ᠲᠦᠮᠡᠨ ᠤ ᠠᠰᠠᠭᠤᠳᠠᠯ ᠳᠤ ᠬᠦᠯᠢᠴᠡᠩᠭᠦᠢ ᠪᠠᠷ ᠬᠠᠷᠢᠭᠤᠯᠲᠠ ᠥᠭᠴᠦ᠂ ᠰᠠᠭᠤᠭᠠᠯᠢ ᠠᠷᠠᠳ ᠤᠨ ᠤᠯᠤᠰ ᠣᠷᠣᠨ ᠤ | ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ | ᠲᠡᠭᠡᠭᠰᠢᠯᠡᠭᠦᠯᠪᠡ᠃ | | | |