| 5 ᠰᠠᠷ᠎ᠠ ᠶᠢᠨ 29 ᠤ ᠡᠳᠦᠷ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠯᠢ ᠯᠢ ᠰᠢᠨᠵᠢᠯᠡᠨ ᠪᠠᠶᠢᠴᠠᠭᠠᠬᠤ ᠪᠦᠯᠬᠦᠮ ᠳᠠᠭᠠᠭᠤᠯᠤᠨ ᠵᠠᠷᠤᠳ | ᠬᠤᠰᠢᠭᠤᠨ ᠳᠤ ᠢᠷᠡᠵᠦ ᠰᠣᠶᠣᠯ ᠤᠨ ᠠᠵᠤ ᠦᠢᠯᠡᠰ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ ᠸᠠᠩ ᠴᠧᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ | | | ᠯᠦᠪᠧᠢ ᠪᠠᠯᠭᠠᠰᠤᠨ ᠤ ᠰᠢᠶᠣᠣ ᠵᠢᠩ ᠽᠢ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠲᠦᠷᠦᠯ ᠵᠦᠢᠯ ᠤᠨ ᠬᠠᠮᠢᠶᠠᠷᠤᠯᠲᠠ | ᠵᠢᠴᠢ ᠲᠠᠷᠢᠮᠠᠯ ᠤᠨ ᠠᠰᠢᠭ ᠣᠯᠵᠠᠪᠤᠷᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠢᠨᠵᠢᠯᠡᠨ ᠪᠠᠶᠢᠴᠠᠭᠠᠬᠤ | ᠪᠦᠯᠬᠦᠮ ᠤᠨ ᠬᠢᠨ ᠤ ᠦᠵᠡᠬᠦ ᠪᠠᠷ᠂ ᠵᠠᠷᠤᠳ ᠬᠤᠰᠢᠭᠤᠨ ᠤ ᠬᠢᠨ ᠲᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠠᠬᠢ | ᠮᠠᠰᠢ ᠤᠯᠠᠨ ᠰᠠᠶᠢᠨ ᠲᠤᠷᠰᠢᠯᠭ᠎ᠠ ᠪᠣᠯᠣᠨ ᠠᠷᠭ᠎ᠠ ᠬᠢᠳᠡᠯ ᠢ ᠰᠤᠷᠤᠯᠴᠠᠭᠤᠰᠢᠲᠠᠢ ᠪᠥᠭᠡᠳ ᠲᠣᠯᠢ ᠪᠣᠯᠭᠠᠵᠤ ᠪᠣᠯᠣᠨ᠎ᠠ | ᠂ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠬᠤ ᠶᠠᠪᠤᠴᠠ ᠳᠤ ᠰᠤᠷᠤᠯᠴᠠᠭᠰᠠᠨ ᠲᠡᠷᠢᠭᠦᠨ ᠤ ᠲᠤᠷᠰᠢᠯᠭ᠎ᠠ ᠶᠢ ᠠᠪᠴᠤ | ᠬᠠᠷᠢᠭᠠᠳ᠂ ᠦᠳᠲᠡᠷ ᠲᠦᠷᠭᠡᠨ ᠢᠶᠠᠷ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠪᠣᠳᠠᠲᠠᠢ | ᠦᠢᠯᠡᠳᠦᠯᠭᠡ ᠳᠤᠮᠳᠠ ᠪᠠᠨ ᠢᠳᠡᠪᠬᠢᠲᠡᠢ ᠨᠠᠶᠢᠲᠠᠪᠣᠷᠢᠵᠢᠭᠤᠯᠣᠨ᠎ᠠ ᠭᠡᠪᠡ᠃ ᠡᠭᠦᠨ ᠤ ᠵᠡᠷᠭᠡ ᠳᠤ᠂ ᠵᠠᠷᠤᠳ ᠬᠤᠰᠢᠭᠤ | ᠯᠤᠭ᠎ᠠ ᠶᠢᠨ ᠰᠣᠯᠢᠯᠴᠠᠭ᠎ᠠ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠯᠴᠠᠨ ᠰᠤᠷᠤᠯᠴᠠᠵᠤ | ᠬᠠᠷᠢᠯᠴᠠᠨ ᠲᠣᠯᠢᠯᠠᠬᠤ᠂ ᠪᠠᠶᠢᠬᠤ ᠪᠠ ᠦᠭᠡᠢ ᠪᠠᠨ ᠬᠠᠷᠢᠯᠴᠠᠨ ᠰᠣᠯᠢᠯᠴᠠᠬᠤ ᠪᠠᠷ ᠳᠠᠮᠵᠢᠭᠤᠯᠤᠨ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠮᠲᠤ ᠪᠠᠷ ᠰᠢᠨ᠎ᠡ ᠨᠢᠭᠡᠨ | ᠳᠡᠭᠲᠡᠷ ᠲᠤ ᠭᠠᠷᠭᠠᠬᠤ ᠶᠢ ᠬᠦᠰᠡᠵᠦ ᠪᠠᠶᠢᠨ᠎ᠠ ᠭᠡᠪᠡ᠃ | | | ᠳᠠᠷᠠᠭ᠎ᠠ ᠪᠠᠷ ᠨᠢ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠪᠠᠰᠠ ᠡᠮᠦᠨᠡᠲᠦ ᠪᠤᠯᠠᠭ ᠤᠨ ᠮᠦᠽᠧᠢ ᠳᠤ | ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠪᠥᠬᠦ ᠬᠤᠰᠢᠭᠤᠨ ᠤ ᠰᠣᠶᠣᠯ ᠤᠨ ᠪᠠᠶᠢᠭᠤᠯᠤᠯᠲᠠ᠂ | ᠰᠣᠶᠣᠯ ᠵᠢᠭᠤᠯᠴᠢᠯᠠᠯ ᠤᠨ ᠠᠭᠤᠰᠤᠯᠴᠠᠯ ᠵᠡᠷᠭᠡ ᠲᠠᠯ᠎ᠠ ᠶᠢᠨ ᠲᠡᠷᠢᠭᠦᠨ ᠤ ᠲᠤᠷᠰᠢᠯᠭ᠎ᠠ ᠪᠠ ᠨᠡᠶᠢᠲᠡᠯᠢᠭ ᠠᠷᠭ᠎ᠠ | ᠬᠢᠳᠡᠯ ᠢ ᠨᠠᠷᠢᠨ ᠣᠶᠢᠯᠠᠭᠠᠬᠤ ᠶᠢᠨ ᠬᠠᠮᠲᠤ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠭᠦᠨᠵᠡᠭᠡᠢ ᠰᠣᠯᠢᠯᠴᠠᠨ | ᠶᠠᠷᠢᠯᠴᠠᠵᠤ᠂ ᠬᠤᠶᠠᠷ ᠭᠠᠵᠠᠷ ᠤᠨ ᠤᠯᠤᠰ ᠲᠥᠷᠥ ᠶᠢᠨ ᠵᠥᠪᠯᠡᠯᠭᠡᠨ ᠤ ᠬᠢᠨ ᠰᠣᠶᠣᠯ ᠵᠢᠭᠤᠯᠴᠢᠯᠠᠯ ᠤᠨ | ᠠᠭᠤᠰᠤᠯᠴᠠᠯ ᠤᠨ ᠬᠥᠭᠵᠢᠯᠲᠡ ᠶᠢᠨ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠳᠦᠯ ᠢ ᠭᠠᠷ ᠬᠤᠯᠪᠣᠨ | ᠪᠠᠳᠠᠷᠠᠭᠤᠯᠵᠤ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠤᠯᠤᠰ ᠲᠥᠷᠥ ᠶᠢᠨ | ᠵᠥᠪᠯᠡᠯᠭᠡᠨ ᠤ ᠬᠦᠴᠦᠨ ᠵᠢᠳᠭᠦᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃ | | | |