ᠵᠠᠷᠤᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠬᠠᠪᠰᠤᠷᠤᠨ ᠵᠢᠯᠤᠭᠤᠳᠬᠤ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2023/5/31
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠤᠯᠤᠰ ᠲᠥᠷᠥ ᠶᠢᠨ ᠬᠡᠪ ᠴᠢᠨᠠᠷ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 30 ᠤ ᠡᠳᠦᠷ᠂ ᠵᠠᠷᠤᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠬᠠᠪᠰᠤᠷᠤᠨ ᠵᠢᠯᠤᠭᠤᠳᠬᠤ ᠲᠠᠶᠢᠯᠤᠮᠵᠢ ᠡᠷᠭᠢᠯᠡᠪᠡ᠃ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ᠂ ᠳᠡᠳ᠋ ᠲᠡᠷᠢᠭᠦᠯᠡᠭᠴᠢ ᠮᠦᠩᠭᠦᠨᠬᠤᠸᠠᠷ᠂ ᠦ᠋ ᠰᠢᠶᠣᠣ᠂ ᠸᠠᠩ ᠴᠧᠩ ᠬᠤᠷᠠᠯ ᠳᠤ ᠣᠷᠣᠯᠴᠠᠪᠠ᠃ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠤᠯᠤᠰ ᠲᠥᠷᠦ ᠶᠢᠨ  ᠵᠦᠪᠯᠡᠯᠭᠡᠨ ᠤ ᠭᠡᠰᠢᠭᠦᠨ᠂ ᠣᠨᠴᠠ ᠤᠷᠢᠭᠰᠠᠨ ᠮᠡᠳᠡᠭᠡ ᠵᠠᠩᠭᠢᠴᠢ᠂ ᠤᠯᠤᠰ ᠲᠥᠷᠦ ᠶᠢᠨ ᠵᠦᠪᠯᠡᠯᠭᠡᠨ ᠤ ᠪᠠᠶᠢᠭᠤᠯᠤᠯᠭ᠎ᠠ ᠶᠢᠨ ᠺᠠᠳ᠋ᠷᠴᠤᠳ ᠬᠤᠷᠠᠯ ᠳᠤ ᠣᠷᠣᠯᠴᠠᠪᠠ᠃
058a8e5a595d062ad6fb9f3af1d4304.jpg
   ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠯᠢ ᠴᠤᠭ ︽ᠳᠤᠮᠳᠠᠳᠤ ᠤᠯᠤᠰ ᠤᠨ ᠠᠷᠠᠳ ᠲᠦᠮᠡᠨ ᠤ ᠰᠦᠷ ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠵᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠤᠶ᠎ᠠ︾ ᠭᠡᠬᠦ ᠰᠡᠳᠦᠪ ᠢᠶᠠᠷ᠂ ᠥᠩᠭᠡᠷᠡᠭᠰᠡᠨ ᠲᠠᠪᠤᠨ ᠵᠢᠯ ᠪᠣᠯᠣᠨ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠪᠠᠲᠤ ᠡᠵᠡᠮᠳᠡᠬᠦ ᠠᠴᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠶᠢᠷᠲᠢᠨᠴᠦ ᠶᠢᠨ ᠦᠵᠡᠯᠲᠡ ᠪᠣᠯᠣᠨ ᠠᠷᠭ᠎ᠠ ᠶᠢᠨ ᠤᠨᠤᠯ ᠢ ᠪᠠᠲᠤ ᠡᠵᠡᠮᠳᠡᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠬᠦ᠂ ᠠᠭᠤᠤ ᠶᠡᠭᠡ ᠥᠪᠡᠷ ᠤᠨ ᠬᠤᠪᠢᠰᠬᠠᠯ ᠢᠶᠠᠷ ᠠᠭᠤᠤ ᠶᠡᠭᠡ ᠨᠡᠶᠢᠭᠡᠮ ᠤᠨ ᠬᠤᠪᠢᠰᠤᠯᠲᠠ ᠶᠢ ᠬᠥᠲᠥᠯᠥᠨ ᠳᠠᠭᠠᠭᠤᠯᠬᠤ ᠴᠢᠬᠤᠯᠠ ᠱᠠᠭᠠᠷᠳᠠᠯᠭ᠎ᠠ ᠶᠢ ᠪᠠᠲᠤ ᠡᠵᠡᠮᠳᠡᠬᠦ᠂ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠬᠦ ᠵᠡᠷᠭᠡ ᠲᠠᠪᠤᠨ ᠲᠠᠯ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠪᠠ᠃    ᠲᠤᠰ ᠤᠳᠠᠭ᠎ᠠ ᠶᠢᠨ ᠬᠠᠪᠰᠤᠷᠤᠨ ᠵᠢᠯᠣᠭᠤᠳᠤᠯᠭ᠎ᠠ ᠪᠠᠷ ᠳᠠᠮᠵᠢᠨ᠂ ᠭᠡᠰᠢᠭᠦᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠬᠠᠢ ᠣᠶᠢᠯᠠᠭᠠᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠰᠠᠶᠢᠨ ᠭᠡᠰᠢᠭᠦᠨ ᠪᠣᠯᠬᠤ ᠤᠯᠤᠰ ᠲᠦᠷᠦ ᠶᠢᠨ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ ᠶᠢ ᠤᠯᠠᠮ ᠨᠢᠩᠭ᠎ᠠ ᠠᠯᠬᠤᠮ ᠪᠠᠲᠤᠳᠬᠠᠪᠠ᠃ ᠣᠯᠠᠨ ᠢᠶᠠᠷ ᠢᠶᠠᠨ᠄ ᠲᠣᠰ ᠤᠳᠠᠭᠠᠨ ᠤ ᠲᠠᠶᠢᠯᠤᠮᠵᠢ ᠪᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠰᠤᠷᠤᠯᠴᠠᠨ ᠲᠦᠭᠦᠭᠡᠷᠡᠵᠦ ᠨᠡᠪᠲᠡᠷᠡᠲᠡᠯ᠎ᠡ ᠣᠶᠢᠯᠠᠭᠠᠬᠤ᠂ ᠭᠦᠨᠵᠡᠭᠡᠢ ᠰᠡᠳᠬᠢᠵᠦ ᠨᠠᠷᠢᠨ ᠣᠶᠢᠯᠠᠭᠠᠬᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦ ᠲᠠᠯᠪᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠠᠷ ᠪᠥᠬᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠵᠠᠷᠣᠳ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号