ᠵᠠᠷᠤᠳ ᠬᠤᠰᠢᠭᠤᠨ ᠤ ᠣᠯᠠᠨ ᠰᠠᠯᠠᠭ᠎ᠠ ᠮᠥᠴᠢᠷ ᠬᠠᠮᠲᠤᠷᠠᠨ ᠬᠡᠪᠯᠡᠭᠳᠡᠬᠦᠨ ᠤ ᠵᠠᠬ᠎ᠠ ᠳᠡᠯᠭᠡᠭᠦᠷ ᠢ ᠢᠯᠭᠠᠷᠠᠭᠤᠯᠤᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/31
     ᠪᠦᠬᠦ ᠬᠤᠰᠢᠭᠤᠨ ᠤ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠴᠡᠭᠴᠡᠯᠡᠨ ᠬᠦᠭᠵᠢᠬᠦ ᠶᠢ ᠬᠠᠮᠠᠭᠠᠯᠠᠵᠦ᠂ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠪᠠᠶᠢᠬᠤ ᠶᠢ ᠪᠠᠳᠤᠯᠠᠬᠤ ᠶᠢᠨ ᠲᠥᠯᠥᠭᠡ ᠂ ᠣᠶᠢᠷ᠎ᠠ ᠳᠤ᠂ ᠵᠠᠷᠤᠳ ᠬᠤᠰᠢᠭᠤᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠯᠪᠠᠨ ᠭᠡᠷ ᠬᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠬᠡᠪᠯᠡᠭᠳᠡᠬᠦᠨ ᠤ ᠵᠠᠬ᠎ᠠ ᠳᠡᠯᠭᠡᠭᠦᠷ ᠢ ᠢᠯᠭᠠᠷᠠᠭᠤᠯᠤᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠬᠡᠪᠯᠡᠨ ᠲᠠᠷᠬᠠᠭᠠᠬᠤ ᠵᠠᠬ᠎ᠠ ᠳᠡᠯᠭᠡᠭᠦᠷ ᠪᠠ ᠰᠣᠶᠣᠯ ᠪᠡᠶ᠎ᠡ ᠲᠠᠮᠢᠷ ᠤᠨ ᠬᠡᠷᠡᠭᠰᠡᠯ ᠤᠨ ᠳᠡᠯᠭᠡᠭᠦᠷ ᠢ ᠪᠥᠬᠦ ᠲᠠᠯ᠎ᠠ ᠪᠠᠷ ᠪᠠᠶᠢᠴᠠᠭᠠᠵᠤ᠂ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃     
微信图片_20230531103308.jpg
     ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠲᠥᠷᠥᠯ ᠤᠨ ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠨ ᠡᠯ᠎ᠡ ᠲᠥᠷᠥᠯ ᠤᠨ ᠬᠠᠤᠯᠢ ᠪᠤᠰᠤ ᠬᠡᠪᠯᠡᠭᠳᠡᠬᠦᠨ ᠢ ᠲᠠᠷᠤᠮᠯᠠᠭᠰᠠᠨ᠂ ᠪᠣᠷᠣᠯᠠᠭᠤᠯᠤᠭᠰᠠᠨ ᠡᠰᠡᠬᠦ᠂ ᠰᠣᠶᠣᠯ ᠪᠡᠶ᠎ᠡ ᠲᠠᠮᠢᠷ ᠤᠨ ᠬᠡᠷᠡᠭᠰᠡᠯ ᠤᠨ ᠳᠡᠯᠭᠡᠭᠦᠷ ᠬᠢᠨ ᠴᠠᠭᠠᠵᠠᠲᠠᠢ ᠳᠦᠷᠰᠦ ᠪᠦᠲᠦᠭᠡᠯᠲᠡ᠂ ᠴᠠᠭᠠᠵᠠᠲᠠᠢ ᠥᠰᠥᠭ ᠪᠢᠴᠢᠭ ᠤᠨ ᠤᠬᠠᠭᠤᠯᠭ᠎ᠠ ᠶᠢᠨ ᠠᠭᠤᠯᠭ᠎ᠠ ᠲᠠᠢ ᠲᠠᠸᠠᠷ ᠪᠣᠷᠣᠯᠠᠭᠤᠯᠤᠭᠰᠠᠨ ᠡᠰᠡᠬᠦ᠂ ᠬᠡᠪᠯᠡᠭᠳᠡᠬᠦᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠢ ᠲᠣᠭᠲᠠᠭᠠᠭᠰᠠᠨ ᠪᠠᠶᠢᠳᠠᠯ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠥᠬᠦ ᠲᠠᠯ᠎ᠠ ᠪᠠᠷ ᠭᠦᠨᠵᠡᠭᠡᠢ ᠪᠠᠶᠢᠴᠠᠭᠠᠯᠲᠠ ᠬᠢᠪᠡ᠃     
微信图片_20230531103304.jpg
     ᠣᠶᠢᠯᠠᠭᠠᠭᠰᠠᠨ ᠢᠶᠠᠷ᠂ ᠲᠣᠰ ᠤᠳᠠᠭᠠᠨ ᠤ ᠲᠤᠰᠬᠠᠢ ᠪᠠᠶᠢᠴᠠᠭᠠᠯᠲᠠ ᠳᠤ 6 ᠬᠡᠪᠯᠡᠭᠳᠡᠬᠦᠨ ᠤ ᠡᠵᠡᠩᠨᠡᠯᠲᠡ ᠶᠢᠨ ᠲᠠᠯᠠᠪᠤᠷ ᠭᠠᠵᠠᠷ᠂ 6 ᠬᠡᠪᠯᠡᠯ ᠤᠨ ᠠᠵᠤ ᠠᠬᠤᠶᠢᠯᠠᠯ᠂  9ᠲᠠᠭᠤ ᠳᠦᠷᠰᠦ ᠰᠢᠩᠭᠡᠭᠡᠯᠲᠡ᠂ ᠰᠣᠶᠣᠯ ᠪᠡᠶ᠎ᠡ ᠲᠠᠮᠢᠷ ᠤᠨ ᠬᠡᠷᠡᠭᠯᠡᠭᠡᠨ ᠤ ᠳᠡᠯᠭᠡᠭᠦᠷ ᠢ ᠪᠠᠶᠢᠴᠠᠭᠠᠭᠰᠠᠨ ᠪᠣᠯᠪᠠᠴᠤ ᠴᠥᠮ ᠬᠠᠤᠯᠢ ᠶᠢ ᠵᠥᠷᠢᠴᠡᠨ ᠡᠵᠡᠩᠨᠡᠭᠰᠡᠨ ᠦᠵᠡᠭᠳᠡᠯ ᠢᠯᠡᠷᠡᠭᠰᠡᠨ ᠦᠭᠡᠢ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号