ᠵᠠᠷᠤᠳ ᠬᠤᠰᠢᠭᠤᠨ ᠤ 2023 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠢᠯᠡ ᠪᠠᠷ ᠰᠣᠷᠣᠭᠴᠢ ᠡᠯᠰᠡᠬᠦ ᠠᠵᠢᠯ ᠤᠨ ᠲᠥᠰᠥᠯ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2023/5/31
    ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠭᠴᠢ ᠡᠯᠰᠡᠬᠦ ᠡᠮᠬᠢ ᠳᠢᠭᠯᠢᠮ ᠢ ᠵᠢᠷᠤᠮᠵᠢᠭᠤᠯᠵᠤ᠂ ᠮᠠᠨ ᠤ ᠬᠤᠰᠢᠭᠤᠨ ᠤ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠠᠵᠢᠯ ᠢ ᠬᠠᠤᠯᠢ ᠲᠣᠭᠲᠠᠭᠠᠯ ᠢᠶᠠᠷ᠂ ᠲᠣᠭᠲᠠᠭᠤᠨ ᠡᠮᠬᠢ ᠵᠢᠷᠤᠮ ᠲᠠᠢ ᠶᠠᠪᠤᠭᠳᠠᠭᠤᠯᠬᠤ ᠶᠢ ᠪᠠᠲᠤᠯᠠᠬᠤ ᠶᠢᠨ ᠲᠦᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠤᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ ᠬᠠᠮᠢᠶᠠᠷᠤᠯᠲᠠ ᠶᠢᠨ ᠠᠵᠢᠯ ᠢ ᠴᠢᠩᠭ᠎ᠠ ᠵᠢᠷᠤᠮᠵᠢᠭᠤᠯᠬᠤ ᠲᠤᠬᠠᠢ ᠮᠡᠳᠡᠭᠳᠡᠯ︾ ︵ᠥᠪᠥᠷ ᠰᠤᠷᠭᠠᠨ ᠬᠥᠮᠦᠵᠢᠯ ᠰᠠᠭᠤᠷᠢ ᠦᠰᠦᠭᠲᠦ ﹇2022﹈ 13 ᠳ᠋ᠤᠭᠠᠷ ᠲᠣᠭᠠᠲᠤ︶᠂ ᠲᠦᠩᠯᠢᠶᠣᠣ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠲᠦᠩᠯᠢᠶᠣᠣ ᠬᠤᠲᠠ ᠶᠢᠨ 2022 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠵᠢᠯᠤᠭᠤᠳᠬᠤ ᠰᠠᠨᠠᠯ︾ ︵ᠲᠦᠩᠯᠢᠶᠦᠦ ᠰᠤᠷᠭᠠᠨ ᠬᠥᠮᠦᠵᠢᠯ ᠰᠠᠭᠤᠷᠢ ᠦᠰᠦᠭᠲᠦ ﹇2022﹈ 18 ᠳ᠋ᠤᠭᠠᠷ ᠲᠣᠭᠠᠲᠤ︶᠂ ᠲᠦᠩᠯᠢᠶᠣᠣ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ 2023 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ  ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠲᠦᠩᠯᠢᠶᠦᠦ ᠰᠤᠷᠭᠠᠨ ᠬᠥᠮᠦᠵᠢᠯ ᠰᠠᠭᠤᠷᠢ ᠵᠠᠬᠢᠳᠠᠯ ﹇2023﹈ 29 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠣᠶᠠᠯᠳᠣᠭᠤᠯᠵᠤ᠂ ᠲᠣᠰ ᠲᠥᠰᠥᠯ ᠢ ᠲᠣᠭᠲᠠᠭᠠᠪᠠ᠃    ᠨᠢᠭᠡ᠂ ᠵᠢᠯᠤᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠲᠤ ᠪᠠᠷᠢᠮᠲᠠᠯᠠᠨ᠎ᠠ᠃ ︽ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠡᠷᠬᠢᠯᠡᠬᠦ︾ ᠪᠠᠷ ᠵᠣᠷᠢᠯᠲᠠ ᠪᠣᠯᠭᠠᠵᠤ᠂ ᠰᠤᠷᠭᠠᠭᠤᠯᠢ ᠡᠷᠭᠢᠯᠡᠬᠦ ᠠᠵᠢᠯᠯᠠᠭ᠎ᠠ ᠪᠠᠨ ᠤᠯᠠᠮ ᠨᠢᠭᠡ ᠠᠯᠬᠤᠮ ᠵᠢᠷᠤᠮᠵᠢᠭᠤᠯᠵᠤ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠢ ᠶᠢ ᠪᠣᠶ ᠪᠣᠯᠭᠠᠵᠤ᠂ ᠶᠣᠰᠣ ᠮᠣᠷᠠᠯ ᠲᠠᠢ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠰᠣᠷᠣᠭᠴᠢ ᠡᠯᠰᠡᠬᠦ ᠶᠠᠪᠤᠴᠠ ᠶᠢ ᠢᠯᠡ ᠲᠣᠳᠣ᠂ ᠡᠷᠬᠡ ᠲᠡᠭᠰᠢ᠂ ᠲᠥᠪ ᠭᠤᠥᠯᠴᠢ ᠪᠠᠶᠢᠬᠤ ᠶᠢ ᠦᠨᠡᠨᠬᠦ ᠪᠠᠲᠤᠯᠠᠵᠤ᠂ ᠬᠡᠦᠬᠡᠳ ᠨᠢᠭᠡᠪᠦᠷᠢ ᠳᠤ ᠴᠥᠮ ᠡᠷᠬᠡ ᠲᠡᠭᠰᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠵᠦ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠠᠵᠢᠯ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ᠃    ᠬᠤᠶᠠᠷ᠂ ᠦᠨᠳᠦᠰᠦᠨ ᠵᠠᠷᠴᠢᠮ    ︵ᠨᠢᠭᠡ︶ ᠬᠠᠤᠯᠢ ᠲᠣᠭᠲᠠᠭᠠᠯ ᠢᠶᠠᠷ ᠭᠦᠢᠴᠡᠳᠭᠡᠬᠦ ᠵᠠᠷᠴᠢᠮ ᠢ ᠪᠠᠷᠢᠮᠲᠠᠯᠠᠨ᠎ᠠ᠃ ᠬᠠᠮᠢᠶ᠎ᠠ ᠪᠦᠬᠦᠢ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠤᠨ ᠡᠷᠬᠡ ᠲᠡᠭᠰᠢ ᠪᠠᠷ ᠰᠤᠷᠭᠠᠨ ᠬᠥᠮᠦᠵᠢᠯ ᠭᠥᠷᠳᠡᠬᠦ ᠡᠷᠬᠡ ᠶᠢ ᠬᠠᠤᠯᠢ ᠶᠣᠰᠣᠭᠠᠷ ᠪᠠᠲᠤᠯᠠᠨ᠎ᠠ᠃    ︵ᠬᠤᠶᠠᠷ︶ ᠰᠢᠯᠭᠠᠬᠤ ᠦᠭᠡᠢ ᠪᠠᠷ ᠭᠡᠷ ᠣᠶᠢᠷᠠᠯᠴᠠᠭ᠎ᠠ ᠰᠤᠷᠭᠠᠭᠤᠯᠢ ᠳᠤ ᠣᠷᠣᠭᠤᠯᠬᠤ ᠵᠠᠷᠴᠢᠮ ᠢ ᠪᠠᠷᠢᠮᠲᠠᠯᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠪᠠ ᠰᠤᠷᠭᠠᠭᠤᠯᠢ ᠳᠤ ᠣᠷᠣᠬᠤ ᠠᠵᠢᠯ ᠢ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠬᠢᠨ ᠴᠤᠭᠭᠠᠷ ᠠᠳᠬᠤᠵᠤ ᠬᠠᠮᠲᠤᠪᠠᠷ   ᠬᠠᠮᠢᠶᠠᠷᠤᠨ᠎ᠠ᠃ ᠰᠤᠷᠭᠠᠭᠤᠯᠢ ᠶᠢᠨ ᠰᠣᠷᠣᠭᠴᠢ ᠡᠯᠰᠡᠬᠦ ᠬᠡᠪᠴᠢᠶ᠎ᠡ᠂ ᠰᠤᠷᠬᠤ ᠨᠠᠰᠤᠨ ᠤ ᠰᠣᠷᠣᠭᠴᠢ ᠶᠢᠨ ᠲᠤᠭ᠎ᠠ᠂ ᠰᠤᠷᠭᠠᠭᠤᠯᠢ ᠶᠢᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ ᠪᠥᠬᠦ ᠬᠤᠰᠢᠭᠤᠨ ᠤ ᠰᠤᠷᠬᠤ ᠨᠠᠰᠤᠨ ᠤ ᠬᠡᠦᠬᠡᠳ᠂ ᠪᠠᠭᠠᠴᠤᠳ ᠢ ᠴᠥᠮ ᠰᠢᠯᠭᠠᠬᠤ ᠦᠭᠡᠢ ᠪᠠᠷ ᠭᠡᠷ ᠣᠶᠢᠷᠠᠯᠴᠠᠭ᠎ᠠ ᠰᠤᠷᠭᠠᠭᠤᠯᠢ ᠳᠤ ᠣᠷᠣᠭᠤᠯᠬᠤ ᠪᠠᠷ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠭᠡᠨ᠎ᠡ᠃    ︵ᠭᠤᠷᠪᠠ︶ ᠢᠯᠡ ᠲᠣᠳᠣ᠂ ᠡᠷᠬᠡ ᠲᠡᠭᠰᠢ ᠪᠠ ᠲᠥᠪ ᠭᠤᠥᠯᠴᠢ ᠪᠠᠶᠢᠬᠤ ᠵᠠᠷᠴᠢᠮ ᠢ ᠪᠠᠷᠢᠮᠲᠠᠯᠠᠨ᠎ᠠ᠃ ᠰᠤᠷᠭᠠᠨ ᠬᠥᠮᠦᠵᠢᠯ ᠤᠨ ᠶᠠᠮᠤᠨ ᠤ ︽ᠠᠷᠪᠠᠨ ᠵᠦᠢᠯ ᠢ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ᠂ ᠰᠣᠷᠣᠭᠴᠢ ᠡᠯᠰᠡᠬᠦ ᠲᠥᠯᠥᠪᠯᠡᠭᠡ᠂ ᠰᠤᠷᠭᠠᠭᠤᠯᠢ ᠳᠤ ᠣᠷᠣᠬᠤ ᠨᠥᠬᠦᠴᠡᠯ᠂ ᠰᠣᠷᠣᠭᠴᠢ ᠡᠯᠰᠡᠬᠦ ᠲᠠᠰ ᠳᠠᠷᠠᠭᠠᠯᠠᠯ᠂ ᠰᠣᠷᠣᠭᠴᠢ ᠡᠯᠰᠡᠭᠰᠡᠨ ᠦᠷ᠎ᠡ ᠳ᠋ᠦᠩ ︽ᠲᠠᠪᠤ ᠶᠢ ᠢᠯᠡ ᠪᠣᠯᠭᠠᠬᠤ︾ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠭᠤᠣᠯᠳᠠᠯᠭ᠎ᠠ ᠲᠠᠢ ᠰᠤᠷᠭᠠᠭᠤᠯᠢ ᠲᠣᠬᠢᠷᠠᠭᠤᠯᠬᠤ ᠦᠭᠡᠢ᠂ ᠰᠤᠷᠭᠠᠭᠤᠯᠢ ᠳᠤ ᠭᠤᠣᠯᠳᠠᠯᠭ᠎ᠠ ᠲᠠᠢ ᠠᠩᠭᠢ ᠡᠷᠬᠢᠯᠡᠬᠦ ᠦᠭᠡᠢ᠂ ︽ᠢᠯᠡ ᠪᠠᠷ ᠰᠣᠷᠣᠭᠴᠢ ᠡᠯᠰᠡᠬᠦ︾ ︽ᠢᠯᠡ ᠪᠠᠷ ᠠᠩᠭᠢ ᠬᠤᠪᠢᠶᠠᠬᠤ︾ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃    ︵ᠳᠥᠷᠪᠡ︶ ︽ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠬᠦ︾ ᠵᠠᠷᠴᠢᠮ ᠢ ᠪᠠᠷᠢᠮᠲᠠᠯᠠᠨ᠎ᠠ᠃ ᠳᠤᠮᠳᠠᠳᠤ  ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠰᠤᠷᠭᠠᠭᠤᠯᠢ ᠳᠤ ᠣᠷᠣᠬᠤ ᠠᠵᠢᠯ ᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠭᠠᠷᠳᠠᠴᠠ ᠪᠣᠯᠭᠠᠵᠤ᠂ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠂ ᠣᠷᠣᠨ ᠪᠦᠰᠡ ᠶᠢᠨ ᠳᠣᠲᠣᠷᠠᠬᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠦᠬᠦᠯᠢ ᠴᠣᠭᠴᠠ ᠪᠠᠷ ᠰᠢᠯᠢᠳᠡᠭᠵᠢᠭᠦᠯᠬᠦ ᠪᠠ ᠰᠤᠷᠭᠠᠨ ᠬᠥᠮᠦᠵᠢᠯ ᠤᠨ ᠶᠠᠰᠤ ᠴᠢᠨᠠᠷ ᠢ ᠪᠦᠬᠦᠯᠢ ᠴᠣᠭᠴᠠ ᠪᠠᠷ ᠢᠶᠠᠷ ᠲᠡᠭᠡᠭᠰᠢᠯᠡᠬᠦ ᠶᠢ  ᠲᠦᠯᠬᠢᠨ ᠠᠬᠢᠭᠤᠯᠤᠨ᠎ᠠ᠃     ︵ᠲᠠᠪᠤ︶ ᠬᠠᠷᠢᠴᠠᠩᠭᠤᠢ ᠲᠣᠭᠲᠠᠭᠤᠨ ᠪᠠᠶᠢᠯᠭᠠᠬᠤ᠂ ᠵᠣᠬᠢᠰᠲᠠᠢ ᠲᠣᠬᠢᠷᠠᠭᠤᠯᠬᠤ ᠵᠠᠷᠴᠢᠮ ᠢ ᠪᠠᠷᠢᠮᠲᠠᠯᠠᠨ᠎ᠠ᠃ ᠰᠤᠷᠭᠠᠭᠤᠯᠢ ᠶᠢᠨ ᠲᠣᠭᠤᠷᠢᠭ ᠢ ᠬᠠᠷᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠬᠥᠮᠥᠨ ᠠᠮᠠ ᠶᠢᠨ ᠰᠢᠯᠵᠢᠯᠲᠡ ᠶᠢᠨ  ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠨ ᠰᠣᠷᠣᠭᠴᠢ ᠡᠯᠰᠡᠬᠦ ᠨᠥᠬᠦᠴᠡᠯ ᠵᠢᠴᠢ ᠰᠤᠷᠭᠠᠭᠤᠯᠢ ᠶᠢᠨ  ᠰᠣᠷᠣᠭᠴᠢ ᠡᠯᠰᠡᠬᠦ ᠬᠡᠪᠴᠢᠶ᠎ᠡ ᠳᠤ ᠵᠣᠬᠢᠰᠲᠠᠢ ᠲᠣᠬᠢᠷᠠᠭᠤᠯᠤᠯᠲᠠ ᠬᠢᠨ᠎ᠡ᠃     ᠭᠤᠷᠪᠠ᠂ ᠰᠣᠷᠣᠭᠴᠢ ᠡᠯᠰᠡᠬᠦ ᠡᠲᠡᠭᠡᠳ    ︵ᠨᠢᠭᠡ︶ ᠪᠠᠭ᠎ᠠ ᠰᠤᠷᠭᠠᠭᠤᠯᠢ ᠶᠢᠨ ᠱᠠᠲᠤ᠃ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠤᠷᠭᠠᠭᠤᠯᠢ ᠳᠤ ᠣᠷᠣᠬᠤ ᠬᠡᠦᠬᠡᠳ ᠪᠦᠬᠦᠯᠢ 6 ᠨᠠᠰᠤ ︵2017 ᠣᠨ ᠤ 8 ᠰᠠᠷ᠎ᠠ ᠶᠢᠨ 31 ᠤ ᠡᠳᠦᠷ ᠵᠢᠴᠢ ᠲᠡᠭᠦᠨ ᠠᠴᠠ ᠡᠮᠦᠨ᠎ᠡ ᠲᠥᠷᠥᠭᠰᠡᠨ︶ ᠬᠦᠷᠦᠭᠰᠡᠨ ᠪᠠᠶᠢᠬᠤ ᠬᠡᠷᠡᠭᠲᠡᠢ᠃ ᠪᠦᠬᠦᠯᠢ 6 ᠨᠠᠰᠤ ᠬᠦᠷᠦᠭᠡᠳᠦᠢ ᠬᠡᠦᠬᠡᠳ ᠢ ᠤᠷᠢᠳᠴᠢᠯᠠᠨ ᠰᠤᠷᠭᠠᠭᠤᠯᠢ ᠳᠤ ᠣᠷᠣᠭᠤᠯᠵᠤ ᠪᠣᠯᠬᠤ ᠦᠭᠡᠢ᠂ ᠪᠦᠬᠦᠯᠢ 6 ᠨᠠᠰᠤ  ᠬᠦᠷᠦᠭᠰᠡᠨ ᠵᠢᠴᠢ ᠲᠡᠭᠦᠨ ᠠᠴᠠ ᠳᠡᠭᠡᠭᠰᠢᠬᠢ ᠨᠠᠰᠤᠨ ᠤ ᠬᠡᠤᠭᠡᠳ ᠤᠨᠴᠠᠭᠠᠢ ᠪᠠᠶᠢᠳᠠᠯ ᠦᠭᠡᠢ ᠪᠣᠯ ᠡᠷᠬᠡᠪᠰᠢ ᠬᠠᠤᠯᠢ ᠲᠣᠭᠲᠠᠭᠠᠯ ᠢᠶᠠᠷ ᠰᠤᠷᠭᠠᠭᠤᠯᠢ ᠳᠤ ᠤᠷᠤᠬᠤ ᠬᠡᠷᠡᠭᠲᠡᠢ᠃     ︵ᠬᠤᠶᠠᠷ︶ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠣᠯᠣᠳᠤᠭᠠᠷ ᠣᠨ ᠤ ᠰᠤᠷᠭᠠᠭᠤᠯᠢ ᠳᠤ ᠣᠷᠣᠬᠤ ᠰᠤᠷᠣᠭᠴᠢ ᠪᠣᠯ 2023 ᠣᠨ ᠳᠤ ᠪᠠᠭ᠎ᠠ ᠰᠤᠷᠭᠠᠭᠤᠯᠢ ᠶᠢᠨ ᠵᠢᠷᠭᠤᠭᠠᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠡᠶᠡᠯᠡᠭᠦᠯᠦᠭᠰᠡᠨ ᠪᠥᠭᠡᠳ ᠪᠠᠭ᠎ᠠ  ᠰᠤᠷᠭᠠᠭᠤᠯᠢ ᠶᠢᠨ ᠬᠠᠷᠢᠶᠠᠯᠠᠯ ᠲᠠᠢ ᠪᠠᠭ᠎ᠠ ᠰᠤᠷᠭᠠᠭᠤᠯᠢ ᠲᠡᠭᠦᠰᠦᠭᠰᠡᠨ ᠰᠣᠷᠣᠭᠴᠢ ᠪᠣᠯᠣᠨ᠎ᠠ᠃ ᠨᠢᠭᠡᠨᠲᠡ ᠠᠩᠬ᠎ᠠ ᠵᠡᠷᠭᠡ ᠶᠢᠨ  ᠳᠤᠮᠳᠠᠳᠤ ᠰᠤᠷᠭᠠᠭᠤᠯᠢ ᠶᠢᠨ ᠬᠠᠷᠢᠶᠠᠯᠠᠯ ᠲᠠᠢ ᠪᠣᠯᠤᠭᠰᠠᠨ ᠰᠤᠷᠣᠭᠴᠢ ᠶᠢ ᠠᠩᠬ᠎ᠠ ᠵᠡᠷᠭᠡ ᠶᠢᠨ ᠳᠤᠮᠳᠠᠳᠤ  ᠰᠤᠷᠭᠠᠭᠤᠯᠢ ᠶᠢᠨ ᠰᠣᠷᠣᠭᠴᠢ ᠡᠯᠰᠡᠬᠦ ᠬᠡᠪᠴᠢᠶᠡᠨ ᠳᠤ ᠤᠷᠤᠭᠤᠯᠬᠤ ᠦᠭᠡᠢ᠃     ︵ᠭᠤᠷᠪᠠ︶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ᠃ ᠥᠨᠳᠥᠷ ᠵᠡᠷᠭᠡ ᠶᠢᠨ ᠳᠤᠮᠳᠠᠳᠤ  ᠰᠤᠷᠭᠠᠭᠤᠯᠢ ᠶᠢᠨ ᠨᠢᠭᠡᠳᠦᠭᠡᠷ ᠣᠨ ᠤ ᠡᠯᠰᠡᠬᠦ ᠰᠣᠷᠣᠭᠴᠢ ᠪᠣᠯ 2023 ᠣᠨ ᠳᠤ ᠠᠩᠬ᠎ᠠ ᠵᠡᠷᠭᠡ ᠶᠢᠨ ᠳᠤᠮᠳᠠᠳᠤ  ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠪᠡᠶᠡᠯᠡᠭᠦᠯᠦᠭᠰᠡᠨ᠂ ᠠᠩᠬ᠎ᠠ ᠵᠡᠷᠭᠡ ᠶᠢᠨ ᠳᠤᠮᠳᠠᠳᠤ  ᠰᠤᠷᠭᠠᠭᠤᠯᠢ ᠶᠢᠨ  ᠬᠠᠷᠢᠶᠠᠯᠠᠯ ᠲᠠᠢ ᠪᠥᠭᠡᠳ ᠪᠥᠬᠦ ᠬᠤᠲᠠ ᠶᠢᠨ ᠨᠢᠭᠡᠳᠦᠯᠲᠡᠢ ᠵᠣᠬᠢᠶᠠᠨ ᠪᠠᠶᠢᠭᠤᠯᠤᠭᠰᠠᠨ ᠥᠨᠳᠥᠷ  ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠳᠤ ᠣᠷᠣᠯᠴᠠᠭᠰᠠᠨ ᠠᠩᠬ᠎ᠠ ᠵᠡᠷᠭᠡ ᠶᠢᠨ  ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ᠪᠣᠯᠣᠨ᠎ᠠ᠃ ᠨᠢᠭᠡᠨᠲᠡ ᠥᠨᠳᠥᠷ ᠵᠡᠷᠭᠡ ᠶᠢᠨ ᠳᠤᠮᠳᠠᠳᠤ  ᠰᠤᠷᠭᠠᠭᠤᠯᠢ ᠶᠢᠨ  ᠬᠠᠷᠢᠶᠠᠯᠠᠯ ᠲᠠᠢ ᠪᠣᠯᠤᠭᠰᠠᠨ ᠰᠣᠷᠣᠭᠴᠢ ᠶᠢ ᠰᠣᠷᠣᠭᠴᠢ ᠡᠯᠰᠡᠬᠦ ᠬᠡᠪᠴᠢᠶᠡᠨ ᠳᠤ ᠤᠷᠤᠭᠤᠯᠬᠤ  ᠦᠭᠡᠢ᠃     ᠳᠥᠷᠪᠡ᠂ ᠰᠣᠷᠣᠭᠴᠢ ᠡᠯᠰᠡᠬᠦ ᠠᠷᠭ᠎ᠠ ᠮᠠᠶ᠋ᠢᠭ    ᠵᠠᠷᠤᠳ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ  ᠰᠤᠷᠭᠠᠭᠤᠯᠢ ᠰᠣᠷᠣᠭᠴᠢ ᠡᠯᠰᠡᠬᠦ ᠳᠤ ︽ᠬᠡᠰᠡᠭ ᠬᠤᠪᠢᠶᠠᠨ ᠰᠣᠷᠣᠭᠴᠢ ᠡᠯᠰᠡᠬᠦ᠂ ᠰᠦᠯᠵᠢᠶᠡᠨ ᠳᠡᠭᠡᠷ᠎ᠡ ᠨᠡᠷ᠎ᠡ  ᠮᠡᠳᠡᠭᠦᠯᠬᠦ᠂ ᠲᠥᠷᠥᠯ ᠬᠤᠪᠢᠶᠠᠨ ᠡᠯᠰᠡᠬᠦ᠂ ᠪᠥᠬᠦ ᠶᠠᠪᠤᠴᠠ ᠶᠢ ᠢᠯᠡ ᠪᠣᠯᠭᠠᠬᠤ︾ ᠢᠯᠡ ᠪᠠᠷ ᠰᠣᠷᠣᠭᠴᠢ ᠡᠯᠰᠡᠬᠦ  ᠠᠵᠢᠯ ᠤᠨ ᠶᠠᠪᠤᠴᠠ ᠶᠢ ᠬᠡᠷᠡᠭᠵᠢᠭᠦᠯᠦᠨ᠎ᠡ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠰᠦᠯᠵᠢᠶᠡᠨ ᠳᠡᠭᠡᠷ᠎ᠡ ᠪᠠ  ᠰᠦᠯᠵᠢᠶᠡᠨ ᠠᠴᠠ ᠭᠠᠳᠠᠨ᠎ᠠ ᠬᠢᠨᠠᠨ ᠬᠠᠷᠭᠤᠭᠤᠯᠬᠤ᠂ ᠰᠠᠯᠭᠠᠨ ᠲᠣᠬᠢᠷᠠᠭᠤᠯᠬᠤ᠂ ᠨᠣᠮᠧᠷ ᠰᠤᠭᠤᠯᠤᠨ ᠪᠠᠶᠢᠷᠢ  ᠵᠢᠭᠰᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠢᠯᠡ ᠪᠠᠷ ᠰᠣᠷᠣᠭᠴᠢ ᠡᠯᠰᠡᠬᠦ ᠠᠵᠢᠯ ᠢ ᠯᠠᠪᠳᠠᠭᠤᠨ  ᠪᠠᠲᠤᠲᠠᠢ᠂ ᠠᠮᠤᠷ ᠲᠦᠪᠰᠢᠨ ᠡᠮᠬᠢ ᠵᠢᠷᠤᠮ ᠲᠠᠢ ᠥᠷᠨᠢᠭᠦᠯᠦᠨ᠎ᠡ᠃     ᠲᠠᠪᠤ᠂ ᠰᠤᠷᠤᠭᠴᠢ ᠡᠯᠰᠡᠬᠦ ᠲᠥᠯᠥᠪᠯᠡᠭᠡ    ︵ᠨᠢᠭᠡ︶ ᠪᠠᠯᠭᠠᠰᠤᠨ ᠳᠤ ᠰᠠᠭᠤᠭ᠎ᠠ ᠪᠠᠭ᠎ᠠ ᠰᠤᠷᠭᠠᠭᠤᠯᠢ ᠳᠤ ᠲᠥᠯᠥᠪᠯᠡᠭᠰᠡᠨ ᠰᠣᠷᠣᠭᠴᠢ ᠡᠯᠰᠡᠬᠦ ᠲᠤᠭ᠎ᠠ    ᠵᠠᠷᠤᠳ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠄ 320 ᠰᠣᠷᠣᠭᠴᠢ᠂ 8 ᠠᠩᠭᠢ ᠡᠯᠰᠡᠬᠦ ᠪᠠᠷ ᠲᠥᠯᠥᠪᠯᠡᠵᠦ ᠪᠣᠶ᠃    ᠵᠠᠷᠤᠳ ᠬᠤᠰᠢᠭᠤᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠄ 340 ᠰᠣᠷᠣᠭᠴᠢ᠂ 8 ᠠᠩᠭᠢ ᠡᠯᠰᠡᠬᠦ ᠪᠠᠷ ᠲᠥᠯᠥᠪᠯᠡᠵᠦ ᠪᠣᠶ᠃    ᠯᠦᠪᠸᠢ ᠨᠢᠭᠡᠳᠦᠭᠡᠷ ᠪᠠᠭ᠎ᠠ ᠰᠤᠷᠭᠠᠭᠤᠯᠢ᠄ 320 ᠰᠣᠷᠣᠭᠴᠢ᠂ 8 ᠠᠩᠭᠢ ᠡᠯᠰᠡᠬᠦ ᠪᠠᠷ ᠲᠥᠯᠥᠪᠯᠡᠵᠦ ᠪᠣᠶ᠃    ᠯᠦᠪᠸᠢ ᠬᠤᠶᠠᠳᠤᠭᠠᠷ ᠪᠠᠭ᠎ᠠ ᠰᠤᠷᠭᠠᠭᠤᠯᠢ᠄ 340 ᠰᠣᠷᠣᠭᠴᠢ᠂ 8 ᠠᠩᠭᠢ ᠡᠯᠰᠡᠬᠦ ᠪᠠᠷ ᠲᠥᠯᠥᠪᠯᠡᠵᠦ ᠪᠣᠶ᠃    ᠯᠦᠪᠸᠢ ᠭᠤᠷᠪᠠᠳᠤᠭᠠᠷ ᠪᠠᠭ᠎ᠠ ᠰᠤᠷᠭᠠᠭᠤᠯᠢ᠄ 180 ᠰᠣᠷᠣᠭᠴᠢ᠂ 4 ᠠᠩᠭᠢ ᠡᠯᠰᠡᠬᠦ ᠪᠠᠷ ᠲᠥᠯᠥᠪᠯᠡᠵᠦ ᠪᠣᠶ     ᠯᠦᠪᠸᠢ ᠳᠥᠷᠪᠡᠳᠦᠭᠡᠷ ᠪᠠᠭ᠎ᠠ ᠰᠤᠷᠭᠠᠭᠤᠯᠢ᠄ 40 ᠰᠣᠷᠣᠭᠴᠢ᠂ 1 ᠠᠩᠭᠢ ᠡᠯᠰᠡᠬᠦ ᠪᠠᠷ ᠲᠥᠯᠥᠪᠯᠡᠵᠦ ᠪᠣᠶ᠃    ᠯᠦᠪᠸᠢ ᠵᠢᠷᠭᠤᠳᠤᠭᠠᠷ ᠪᠠᠭ᠎ᠠ ᠰᠤᠷᠭᠠᠭᠤᠯᠢ ᠄ 130 ᠰᠣᠷᠣᠭᠴᠢ᠂ 3 ᠠᠩᠭᠢ ᠡᠯᠰᠡᠬᠦ ᠪᠠᠷ ᠲᠥᠯᠥᠪᠯᠡᠵᠦ ᠪᠣᠶ᠃    ︵ᠬᠤᠶᠠᠷ︶ ᠪᠠᠯᠭᠠᠰᠤᠨ ᠳᠤ ᠰᠠᠭᠤᠭ᠎ᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠲᠥᠯᠥᠪᠯᠡᠭᠰᠡᠨ ᠰᠤᠷᠤᠭᠴᠢ ᠡᠯᠰᠡᠬᠦ ᠲᠤᠭ᠎ᠠ    ᠵᠠᠷᠤᠳ ᠬᠤᠰᠢᠭᠤᠨ ᠤ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ᠄ 550 ᠰᠣᠷᠣᠭᠴᠢ᠂ 12 ᠠᠩᠭᠢ ᠡᠯᠰᠡᠬᠦ ᠪᠠᠷ ᠲᠥᠯᠥᠪᠯᠡᠵᠦ ᠪᠣᠶ᠃    ᠵᠠᠷᠤᠳ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ᠄ 550 ᠰᠣᠷᠣᠭᠴᠢ᠂ 12 ᠠᠩᠭᠢ ᠡᠯᠰᠡᠬᠦ ᠪᠠᠷ ᠲᠥᠯᠥᠪᠯᠡᠵᠦ ᠪᠣᠶ᠃    ᠵᠠᠷᠤᠳ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ᠄ 450 ᠰᠣᠷᠣᠭᠴᠢ᠂ 10 ᠠᠩᠭᠢ ᠡᠯᠰᠡᠬᠦ ᠪᠠᠷ ᠲᠥᠯᠥᠪᠯᠡᠵᠦ ᠪᠣᠶ᠃    ᠵᠠᠷᠤᠳ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ᠄ 450 ᠰᠣᠷᠣᠭᠴᠢ᠂ 10 ᠠᠩᠭᠢ ᠡᠯᠰᠡᠬᠦ ᠪᠠᠷ ᠲᠥᠯᠥᠪᠯᠡᠵᠦ ᠪᠣᠶ᠃    ᠵᠠᠷᠤᠳ ᠬᠤᠰᠢᠭᠤᠨ ᠤ ᠣᠨᠴᠠᠯᠢᠭᠲᠤ ᠰᠤᠷᠭᠠᠭᠤᠯᠢ᠄ 80 ᠰᠣᠷᠣᠭᠴᠢ᠂ 2 ᠠᠩᠭᠢ ᠡᠯᠰᠡᠬᠦ ᠪᠠᠷ ᠲᠥᠯᠥᠪᠯᠡᠵᠦ ᠪᠣᠶ᠃    ︵ᠭᠤᠷᠪᠠ︶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠲᠥᠯᠥᠪᠯᠡᠭᠰᠡᠨ ᠰᠣᠷᠣᠭᠴᠢ ᠡᠯᠰᠡᠬᠦ ᠲᠤᠭ᠎ᠠ    ᠵᠠᠷᠣᠳ ᠨᠢᠭᠡᠳᠦᠭᠡᠷ ᠳᠤᠮᠳᠠᠳᠤ ᠰᠤᠷᠭᠠᠭᠤᠯᠢ ᠄ 977 ᠰᠣᠷᠣᠭᠴᠢ  ︵ᠡᠭᠦᠨ ᠳᠤ ᠣᠨᠴᠠ ᠠᠪᠢᠶᠠᠰᠲᠠᠢ ᠰᠣᠷᠣᠭᠴᠢ 20 ᠪᠣᠶ︶᠂ 24 ᠠᠩᠭᠢ ᠡᠯᠰᠡᠬᠦ ᠪᠠᠷ ᠲᠥᠯᠥᠪᠯᠡᠵᠦ ᠪᠣᠶ᠃    ᠵᠠᠷᠣᠳ ᠮᠣᠩᠭᠤᠯ ᠨᠢᠭᠡᠳᠦᠭᠡᠷ ᠳᠤᠮᠳᠠᠳᠤ ᠰᠤᠷᠭᠠᠭᠤᠯᠢ ᠳᠤ᠄ 610 ᠰᠣᠷᠣᠭᠴᠢ ︵ᠡᠭᠦᠨ ᠳᠤ ᠡᠩ ᠤᠨ ᠦᠨᠳᠦᠷ ᠵᠡᠷᠭᠡ ᠶᠢᠨ ᠳᠣᠮᠲᠠᠲᠤ ᠰᠤᠷᠭᠠᠭᠤᠯᠢ ᠪᠠ ᠠᠵᠢᠯ ᠮᠡᠷᠭᠡᠵᠢᠯ ᠤᠨ ᠰᠣᠷᠭᠠᠨ ᠬᠦᠮᠦᠵᠢᠯ ᠢ  ᠬᠠᠮᠲᠣᠷᠠᠭᠰᠠᠨ ᠠᠩᠭᠢ 100 ᠰᠣᠷᠣᠭᠴᠢ ᠪᠣᠶ︶᠂ 14 ᠠᠩᠭᠢ ᠡᠯᠰᠡᠬᠦ ᠪᠠᠷ ᠲᠥᠯᠥᠪᠯᠡᠵᠦ ᠪᠣᠶ᠃    ᠵᠠᠷᠣᠳ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ᠄ 1000 ᠰᠣᠷᠣᠭᠴᠢ᠂ 20 ᠠᠩᠭᠢ ᠡᠯᠰᠡᠬᠦ ᠪᠠᠷ ᠲᠥᠯᠥᠪᠯᠡᠵᠦ ᠪᠣᠶ᠃    ︵ᠳᠥᠷᠪᠡ︶ ᠰᠤᠮᠤ  ᠪᠠᠯᠭᠠᠰᠤ ᠲᠠᠯᠠᠪᠠᠢ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠲᠥᠯᠥᠪᠯᠡᠭᠰᠡᠨ ᠰᠣᠷᠣᠭᠴᠢ ᠡᠯᠰᠡᠬᠦ ᠲᠤᠭ᠎ᠠ    ᠰᠤᠮᠤ ᠪᠠᠯᠭᠠᠰᠤ ᠲᠠᠯᠠᠪᠠᠢ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠲᠥᠯᠥᠪᠯᠡᠭᠰᠡᠨ ᠰᠣᠷᠣᠭᠴᠢ ᠡᠯᠰᠡᠬᠦ ᠲᠤᠭ᠎ᠠ ᠶᠢ ᠡᠯ᠎ᠡ ᠰᠤᠷᠭᠠᠭᠤᠯᠢ ᠪᠣᠳᠠᠲᠠᠢ ᠨᠡᠷ᠎ᠡ ᠮᠡᠳᠡᠭᠦᠯᠦᠭᠰᠡᠨ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃    ᠵᠢᠷᠭᠤᠭ᠎ᠠ᠂ ᠰᠤᠷᠭᠠᠭᠤᠯᠢ ᠶᠢᠨ ᠲᠣᠭᠤᠷᠢᠭ ᠤᠨ ᠬᠤᠪᠢᠶᠠᠷᠢᠯᠠᠯ    ︵ᠨᠢᠭᠡ︶ ᠪᠠᠭ᠎ᠠ ᠰᠤᠷᠭᠠᠭᠤᠯᠢ ᠶᠢᠨ ᠲᠣᠭᠤᠷᠢᠭ ᠤᠨ ᠬᠤᠪᠢᠶᠠᠷᠢᠯᠠᠯ           1. ᠵᠠᠷᠤᠳ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ           ᠰᠣᠷᠣᠭᠴᠢ ᠡᠯᠰᠡᠬᠦ ᠬᠡᠪᠴᠢᠶ᠎ᠡ᠄ ᠯᠦᠪᠧᠢ ᠪᠠᠯᠭᠠᠰᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠬᠤᠲᠠ ᠣᠷᠣᠵᠤ ᠠᠵᠢᠯ ᠬᠢᠬᠦ ᠨᠥᠬᠦᠴᠡᠯ ᠳᠤ ᠨᠡᠶᠢᠴᠡᠬᠦ ᠬᠥᠮᠥᠰ ᠢ ᠳᠠᠭᠠᠵᠤ  ᠢᠷᠡᠭᠰᠡᠨ ᠦᠷ᠎ᠡ ᠬᠡᠦᠬᠡᠳ ᠪᠠ ᠭᠡᠷ ᠲᠡᠭᠡᠨ ᠬᠤᠴᠣᠷᠤᠭᠰᠠᠨ ᠬᠡᠦᠬᠡᠳ᠃             2. ᠵᠠᠷᠤᠳ ᠬᠤᠰᠢᠭᠤᠨ ᠤ ᠲᠤᠷᠰᠢᠯᠲᠠ ᠶᠢᠨ ᠪᠠᠭ᠎ᠠ ᠰᠤᠷᠭᠠᠭᠤᠯᠢ      ᠰᠣᠷᠣᠭᠴᠢ ᠡᠯᠰᠡᠬᠦ ᠬᠡᠪᠴᠢᠶ᠎ᠡ᠄ ᠯᠦᠪᠧᠢ ᠪᠠᠯᠭᠠᠰᠤᠨ ᠤ 1᠂ 2᠂ 16᠂ 18 ᠳ᠋ᠤᠭᠠᠷ ᠰᠠᠭᠤᠭᠠᠯᠢ ᠠᠷᠠᠳ ᠤᠨ ᠵᠥᠪᠯᠡᠯ ᠤᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠃           3. ᠯᠦᠪᠸᠢ ᠨᠢᠭᠡᠳᠦᠭᠡᠷ ᠪᠠᠭ᠎ᠠ ᠰᠤᠷᠭᠠᠭᠤᠯᠢ    ᠰᠣᠷᠣᠭᠴᠢ ᠡᠯᠰᠡᠬᠦ ᠬᠡᠪᠴᠢᠶ᠎ᠡ᠄ ᠯᠦᠪᠧᠢ ᠪᠠᠯᠭᠠᠰᠤ ᠶᠢᠨ 13᠂ 14᠂ 15᠂ 20 ᠳ᠋ᠤᠭᠠᠷ ᠰᠠᠭᠤᠭᠠᠯᠢ  ᠠᠷᠠᠳ ᠤᠨ ᠵᠥᠪᠯᠡᠯ ᠵᠢᠴᠢ ᠶᠦᠩ ᠰᠢᠩ ᠲᠣᠰᠬᠤᠨ᠂ ᠳ᠋ᠦᠩ ᠰᠢᠩ ᠲᠣᠰᠬᠤᠨ᠂ ᠵᠥᠩ ᠰᠢᠩ ᠲᠣᠰᠬᠤᠨ ︵  ᠵᠥᠩ ᠰᠢᠩ ᠮᠠᠯᠵᠢᠯ ᠤᠨ ᠲᠠᠯᠠᠪᠠᠶ ᠪᠠᠭᠲᠠᠨ᠎ᠠ︶᠂ ᠵᠧᠨ ᠰᠢᠩ ᠲᠣᠰᠬᠤᠨ ︵ᠪᠧᠢ ᠱᠠ ᠪᠦᠦ︶᠂ ᠯᠦᠪᠧᠢ ᠣᠶ  ᠰᠢᠭᠤᠢ ᠶᠢᠨ ᠲᠠᠯᠠᠪᠠᠶ᠂  ᠵᠢᠶᠠᠨ ᠴᠠᠩ ︵ᠱᠠᠩ ᠫᠢᠨ ᠴᠠᠩ︶᠂ ᠯᠦᠪᠸᠢ ᠵᠡᠭᠦᠨ ᠳᠠᠬᠢ ᠣᠶ ᠰᠢᠭᠤᠢ ᠶᠢᠨ ᠲᠠᠯᠠᠪᠠᠶ᠂ ᠵᠠᠭᠦᠨ ᠦᠭᠡᠷ ᠲᠡᠵᠢᠭᠡᠬᠦ ᠪᠠᠭ᠎ᠠ ᠲᠣᠭᠤᠷᠢᠭ᠂ ᠵᠡᠭᠦᠨ ᠴᠢᠬᠢ ᠮᠣᠳᠣᠨ ᠤ ᠬᠦᠷᠢᠶᠡᠯᠡᠩ᠂  ᠤᠤᠯ ᠤᠨ ᠮᠤᠳᠤ ᠰᠤᠮᠤ᠂ ᠴᠢᠪᠠᠭᠠᠳᠤ ᠰᠤᠮᠤ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠬᠦ ᠰᠤᠷᠬᠤ  ᠨᠠᠰᠤᠨ ᠤ ᠬᠡᠦᠬᠡᠳ ᠵᠢᠴᠢ ᠬᠤᠲᠠ ᠣᠷᠣᠵᠤ ᠠᠵᠢᠯ ᠬᠢᠬᠦ ᠨᠥᠬᠦᠴᠡᠯ ᠳᠤ ᠨᠡᠶᠢᠴᠡᠬᠦ ᠬᠥᠮᠥᠰ ᠢ ᠳᠠᠭᠠᠵᠤ ᠢᠷᠡᠭᠰᠡᠨ  ᠦᠷ᠎ᠡ ᠬᠡᠦᠬᠡᠳ ᠪᠠ ᠭᠡᠷ ᠲᠡᠭᠡᠨ ᠬᠤᠴᠣᠷᠤᠭᠰᠠᠨ ᠬᠡᠦᠬᠡᠳ᠃        4. ᠯᠦᠪᠸᠢ ᠬᠤᠶᠠᠳᠤᠭᠠᠷ ᠪᠠᠭ᠎ᠠ ᠰᠤᠷᠭᠠᠭᠤᠯᠢ     ᠰᠣᠷᠣᠭᠴᠢ ᠡᠯᠰᠡᠬᠦ ᠬᠡᠪᠴᠢᠶ᠎ᠡ᠄ ᠯᠦᠪᠧᠢ ᠪᠠᠯᠭᠠᠰᠤᠨ ᠤ 3᠂ 4᠂ 5᠂ 6᠂ 7᠂ 8᠂ 17 ᠳ᠋ᠤᠭᠠᠷ ᠰᠠᠭᠤᠭᠠᠯᠢ ᠠᠷᠠᠳ ᠤᠨ ᠵᠦᠪᠯᠡᠯ ᠤᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠃    5. ᠯᠦᠪᠸᠢ ᠭᠤᠷᠪᠠᠳᠤᠭᠠᠷ ᠪᠠᠭ᠎ᠠ ᠰᠤᠷᠭᠠᠭᠤᠯᠢ           ᠰᠣᠷᠣᠭᠴᠢ ᠡᠯᠰᠡᠬᠦ ᠬᠡᠪᠴᠢᠶ᠎ᠡ᠄ ᠯᠦᠪᠧᠢ ᠪᠠᠯᠭᠠᠰᠤᠨ ᠤ 9᠂ 11 ᠳ᠋ᠤᠭᠠᠷ ᠰᠠᠭᠤᠭᠠᠯᠢ ᠠᠷᠠᠳ ᠤᠨ ᠵᠥᠪᠯᠡᠯ  ᠪᠠ ᠪᠠᠷᠠᠭᠤᠨ ᠠᠭᠤᠯᠠᠨ ᠤ ᠣᠶ ᠰᠢᠭᠤᠢ ᠶᠢᠨ ᠲᠠᠯᠠᠪᠠᠶ ᠶᠢᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠃         6. ᠯᠦᠪᠸᠢ ᠳᠥᠷᠪᠡᠳᠦᠭᠡᠷ ᠪᠠᠭ᠎ᠠ ᠰᠤᠷᠭᠠᠭᠤᠯᠢ          ᠰᠣᠷᠣᠭᠴᠢ ᠡᠯᠰᠡᠬᠦ ᠬᠡᠪᠴᠢᠶ᠎ᠡ᠄ ᠬᠠᠷ᠎ᠠ ᠪᠤᠯᠤᠩ ᠲᠣᠰᠬᠤᠨ᠂ ᠵᠧᠨ ᠰᠢᠩ ᠲᠣᠰᠬᠤᠨ᠂ ᠲᠠᠷᠢᠶᠠᠯᠠᠩ ᠤᠨ  ᠲᠠᠯᠠᠪᠠᠶ ᠲᠣᠰᠬᠤᠨ᠂ ᠬᠤᠶᠢᠲᠤ ᠴᠢᠬᠢ ᠮᠣᠳᠣᠨ ᠤ ᠬᠦᠷᠢᠶᠡᠯᠡᠩ ᠲᠣᠰᠬᠤᠨ ᠤ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠃          7. ᠯᠦᠪᠸᠢ ᠵᠢᠷᠭᠤᠳᠤᠭᠠᠷ ᠪᠠᠭ᠎ᠠ ᠰᠤᠷᠭᠠᠭᠤᠯᠢ         ᠰᠣᠷᠣᠭᠴᠢ ᠡᠯᠰᠡᠬᠦ ᠬᠡᠪᠴᠢᠶ᠎ᠡ᠄ ᠯᠦᠪᠧᠢ ᠪᠠᠯᠭᠠᠰᠤᠨ ᠤ 10᠂ 12᠂ 19 ᠳ᠋ᠤᠭᠠᠷ ᠰᠠᠭᠤᠭᠠᠯᠢ ᠠᠷᠠᠳ ᠤᠨ  ᠵᠥᠪᠯᠡᠯ ᠤᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠃          8. ᠤᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ         ᠰᠣᠷᠣᠭᠴᠢ ᠡᠯᠰᠡᠬᠦ ᠬᠡᠪᠴᠢᠶ᠎ᠡ᠄ ᠪᠥᠬᠦ ᠬᠤᠰᠢᠭᠤ᠃          9.  ᠰᠤᠮᠤ ᠪᠠᠯᠭᠠᠰᠤ ᠲᠠᠯᠠᠪᠠᠢ ᠶᠢᠨ ᠪᠠᠭ᠎ᠠ ᠰᠤᠷᠭᠠᠭᠤᠯᠢ         ᠰᠣᠷᠣᠭᠴᠢ ᠡᠯᠰᠡᠬᠦ ᠬᠡᠪᠴᠢᠶ᠎ᠡ᠄ ᠤᠤᠯ ᠤᠨ ᠬᠤᠪᠢᠶᠠᠷᠢᠯᠠᠨ ᠲᠣᠭᠲᠠᠭᠠᠭᠰᠠᠨ ᠣᠷᠣᠨ ᠪᠦᠰᠡ ᠶᠢᠨ ᠬᠠᠷᠢᠶ᠎ᠠ ᠰᠤᠮᠤ ᠪᠠᠯᠭᠠᠰᠤ ᠲᠠᠯᠠᠪᠠᠢ ᠶᠢᠨ ᠡᠷᠦᠬᠡ ᠠᠮᠠ ᠶᠢᠨ ᠬᠠᠷᠢᠶᠠᠯᠠᠯ ᠲᠠᠢ ᠰᠤᠷᠬᠤ ᠨᠠᠰᠤᠨ ᠤ  ᠬᠡᠦᠬᠡᠳ ᠢ ᠡᠯᠰᠡᠨ᠎ᠡ︔ ᠭᠡᠷᠴᠢᠯᠠᠭᠤ ᠰᠤᠮᠤ ᠳᠤ ᠡᠷᠦᠬᠡ ᠠᠮᠠ ᠶᠢᠨ ᠬᠠᠷᠢᠶ᠎ᠠ ᠲᠠᠢ ᠤᠯᠤᠰ ᠤᠨ ᠨᠡᠶᠢᠳᠡᠮ ᠬᠡᠷᠡᠭᠯᠡᠬᠦ  ᠦᠭᠡ ᠬᠡᠯᠡ ᠥᠰᠥᠭ ᠪᠢᠴᠢᠭ ᠢᠶᠠᠷ  ᠬᠢᠴᠢᠶᠡᠯᠯᠠᠬᠦ ᠰᠤᠷᠬᠤ ᠨᠠᠰᠤᠨ ᠤ ᠬᠡᠦᠬᠡᠳ ᠵᠢᠷᠤᠭᠡ ᠭᠤᠣᠯ ᠰᠤᠷᠭᠠᠭᠤᠯᠢ ᠳᠤ ᠣᠴᠢᠵᠤ ᠪᠣᠯᠣᠨ᠎ᠠ︔ ᠤᠤᠯ ᠤᠨ ᠦᠷ᠎ᠡ ᠶᠢᠨ ᠲᠠᠯᠠᠪᠠᠶ ᠪᠣᠯᠣᠨ ᠭᠠᠭ᠋ᠠᠶᠢᠳᠤ ᠪᠠᠯᠭᠠᠰᠤᠨ ᠤ ᠡᠷᠦᠬᠡ ᠠᠮᠠ ᠶᠢᠨ ᠬᠠᠷᠢᠶ᠎ᠠ ᠲᠠᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠠᠬᠦ ᠰᠤᠷᠬᠤ ᠨᠠᠰᠤᠨ ᠤ  ᠬᠡᠦᠬᠡᠳ ᠦᠨᠡᠭᠡᠴᠢ ᠰᠤᠷᠭᠠᠭᠤᠯᠢ ᠳᠤ ᠣᠴᠢᠵᠤ ᠪᠣᠯᠣᠨ᠎ᠠ᠃     ︵ᠬᠤᠶᠠᠷ︶ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠣᠭᠤᠷᠢᠭ ᠤᠨ ᠬᠤᠪᠢᠶᠠᠷᠢᠯᠠᠯ    1. ᠵᠠᠷᠤᠳ ᠬᠤᠰᠢᠭᠤᠨ ᠤ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢᠰᠣᠷᠣᠭᠴᠢ ᠡᠯᠰᠡᠬᠦ ᠬᠡᠪᠴᠢᠶ᠎ᠡ᠄ ᠯᠦᠪᠧᠢ ᠪᠠᠯᠭᠠᠰᠤᠨ ᠤ ᠪᠣᠶ ᠪᠦᠬᠦᠢ ᠰᠠᠭᠤᠭᠠᠯᠢ ᠠᠷᠠᠳ ᠤᠨ ᠵᠥᠪᠯᠡᠯ ᠵᠢᠴᠢ ᠬᠤᠲᠠ ᠳᠤ ᠣᠷᠣᠵᠤ ᠠᠵᠢᠯ ᠬᠢᠬᠦ ᠨᠥᠬᠦᠴᠡᠯ ᠳᠤ ᠨᠡᠶᠢᠴᠡᠬᠦ ᠬᠥᠮᠥᠰ ᠢ ᠳᠠᠭᠠᠵᠤ ᠢᠷᠡᠭᠰᠡᠨ ᠦᠷ᠎ᠡ ᠬᠡᠦᠬᠡᠳ ᠪᠠ ᠭᠡᠷ ᠲᠡᠭᠡᠨ ᠬᠤᠴᠣᠷᠤᠭᠰᠠᠨ ᠬᠡᠦᠬᠡᠳ᠂ ᠳᠣᠯᠣᠲᠤ ᠰᠤᠮᠤ᠂ ᠴᠢᠨᠳᠠᠮᠣᠨᠢ ᠰᠤᠮᠤ᠂ ᠦᠨᠡᠭᠡᠴᠢ ᠰᠤᠮᠤ᠂  ᠦᠯᠵᠡᠶᠢᠮᠦ᠋ᠷᠡᠨ ᠰᠤᠮᠤ᠂ ᠮᠣᠳᠣ ᠭᠠᠴᠠᠭ᠎ᠠ᠂ ᠴᠢᠪᠠᠭᠠᠲᠤ ᠰᠤᠮᠤ᠂ ᠪᠠᠶᠠᠨᠲᠠᠯ᠎ᠠ ᠰᠤᠮᠤ ᠶᠢᠨ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ᠃     2. ᠵᠠᠷᠤᠳ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ    ᠰᠣᠷᠣᠭᠴᠢ ᠡᠯᠰᠡᠬᠦ ᠬᠡᠪᠴᠢᠶ᠎ᠡ᠄ ᠯᠦᠪᠧᠢ ᠪᠠᠯᠭᠠᠰᠤᠨ ᠤ 1᠂ 2᠂ 3᠂ 4᠂ 5᠂ 6᠂ 16᠂ 17᠂ 18 ᠰᠠᠭᠤᠭᠠᠯᠢ ᠠᠷᠠᠳ ᠤᠨ ᠵᠥᠪᠯᠡᠯ ᠤᠨ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ᠃   3. ᠵᠠᠷᠤᠳ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ    ᠰᠣᠷᠣᠭᠴᠢ ᠡᠯᠰᠡᠬᠦ ᠬᠡᠪᠴᠢᠶ᠎ᠡ᠄ ᠯᠦᠪᠧᠢ ᠪᠠᠯᠭᠠᠰᠤᠨ ᠤ 13᠂ 14᠂ 15᠂ 19᠂ 20 ᠳ᠋ᠤᠭᠠᠷ  ᠰᠠᠭᠤᠭᠠᠯᠢ ᠠᠷᠠᠳ ᠤᠨ ᠵᠥᠪᠯᠡᠯ ᠤᠨ ᠪᠠᠭ᠎ᠠ ᠰᠤᠷᠭᠠᠭᠤᠯᠢ ᠲᠡᠭᠦᠰᠦᠭᠰᠡᠨ ᠰᠣᠷᠣᠭᠴᠢ︔ ᠯᠦᠪᠧᠢ ᠪᠠᠯᠭᠠᠰᠤᠨ ᠤ  ᠡᠷᠬᠢᠨ ᠲᠣᠭᠤᠷᠢᠨ ᠤ ᠶᠦᠩ ᠰᠢᠩ ᠲᠣᠰᠬᠤᠨ᠂ ᠳ᠋ᠦᠩ ᠰᠢᠩ ᠲᠣᠰᠬᠤᠨ᠂ ᠵᠦᠩ ᠰᠢᠩ ᠮᠠᠯᠵᠢᠯ ᠤᠨ ᠲᠠᠯᠠᠪᠠᠢ᠂  ᠵᠧᠨ ᠰᠢᠩ ᠲᠣᠰᠬᠤᠨ᠂ ᠯᠦᠪᠧᠢ ᠤᠢ ᠰᠢᠭᠤᠢ ᠶᠢᠨ ᠲᠠᠯᠠᠪᠠᠢ᠂ ᠵᠢᠶᠠᠨ ᠴᠠᠩ᠂ ᠯᠦᠪᠸᠢ ᠵᠡᠭᠦᠨ ᠳᠠᠬᠢ ᠤᠢ  ᠰᠢᠭᠤᠢ ᠶᠢᠨ ᠲᠠᠯᠠᠪᠠᠢ ᠳᠤ ᠡᠷᠦᠭᠡ ᠠᠮᠠ ᠶᠢᠨ ᠬᠠᠷᠢᠶ᠎ᠠ ᠲᠠᠢ ᠪᠠᠭ᠎ᠠ ᠰᠤᠷᠭᠠᠭᠤᠯᠢ ᠲᠡᠭᠦᠰᠦᠭᠰᠡᠨ ᠰᠤᠷᠤᠭᠴᠢ︔ ᠯᠦᠪᠸᠢ ᠭᠤᠣᠯ ᠰᠤᠷᠭᠠᠭᠤᠯᠢ᠂ ᠶᠡᠭᠡ ᠪᠡᠶ᠎ᠡ ᠰᠤᠷᠭᠠᠭᠤᠯᠢ᠂ ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ ᠰᠤᠷᠭᠠᠭᠤᠯᠢ ᠶᠢᠨ ᠰᠤᠷᠤᠭᠴᠢ ︵ᠣᠶᠢᠷᠠᠯᠴᠠᠭ᠎ᠠ ᠰᠢᠶᠠᠩᠱᠠᠨ ᠳᠤᠮᠳᠠᠳᠤ ᠰᠤᠷᠭᠠᠭᠤᠯᠢ ᠳᠤ ᠣᠴᠢᠵᠤ ᠪᠣᠯᠣᠨ᠎ᠠ︶᠂  ᠭᠠᠳᠠᠰᠤ ᠰᠤᠷᠭᠠᠭᠤᠯᠢ᠂ ᠤᠤᠯ ᠤᠨ ᠦᠷ᠎ᠡ ᠶᠢᠨ ᠲᠠᠯᠠᠪᠠᠢ ᠶᠢᠨ ᠪᠠᠭ᠎ᠠ ᠰᠤᠷᠭᠠᠭᠤᠯᠢ ᠠᠴᠠ ᠲᠡᠭᠦᠰᠬᠦ ᠶᠢᠨ ᠬᠠᠮᠲᠤ  ᠡᠷᠦᠬᠡ ᠠᠮᠠ ᠶᠢᠨ ᠳᠠᠩᠰᠠ ᠨᠢ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠪᠠᠶᠢᠬᠤ ᠰᠤᠷᠤᠭᠴᠢ︔ ᠦᠨᠡᠭᠡᠴᠢ  ᠰᠤᠮᠤ᠂ ᠭᠠᠭ᠋ᠠᠶᠢᠳᠤ ᠪᠠᠯᠭᠠᠰᠤ᠂ ᠬᠤᠷᠢᠶ᠎ᠠ ᠤᠢ ᠰᠢᠭᠤᠢ ᠶᠢᠨ ᠲᠠᠯᠠᠪᠠᠢ᠂  ᠴᠢᠪᠠᠭᠠᠳᠤ ᠰᠤᠮᠤ᠂ ᠲᠤᠯᠤᠳᠤ ᠰᠤᠮᠤ᠂  ᠴᠢᠨᠳᠠᠮᠨᠤᠢ ᠰᠤᠮᠤ᠂ ᠤᠤᠯ ᠤᠨ ᠮᠤᠳᠤ ᠰᠤᠮᠤ ᠵᠡᠷᠭᠡ ᠭᠠᠵᠠᠷ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠵᠦ ᠪᠠᠶᠢᠭ᠎ᠠ ᠰᠤᠷᠤᠭᠴᠢ ᠵᠢᠴᠢ ᠡᠷᠦᠭᠡ ᠠᠮᠠ ᠶᠢᠨ ᠲᠠᠩᠰᠠ ᠨᠢ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠪᠠᠶᠢᠬᠤ ᠪᠠᠭ᠎ᠠ ᠰᠤᠷᠭᠠᠭᠤᠯᠢ ᠲᠡᠭᠦᠰᠦᠭᠰᠡᠨ ᠰᠤᠷᠤᠭᠴᠢᠳ᠂ ᠵᠠᠷᠤᠳ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠣᠭᠤᠷᠢᠭ ᠲᠤ ᠬᠠᠷᠢᠶᠠᠯᠠᠭᠳᠠᠨ᠎ᠠ᠂ ᠭᠡᠪᠡᠴᠦ ᠲᠣᠰᠴᠤ ᠬᠦᠷᠭᠡᠬᠦ ᠳᠤ ᠲᠥᠬᠦᠮ᠂  ᠰᠣᠷᠣᠭᠴᠢ ᠶᠢᠨ ᠪᠠᠶᠢᠷᠢ ᠳᠤ ᠰᠠᠭᠤᠬᠤ ᠵᠡᠷᠭᠡ ᠰᠢᠯᠲᠠᠭᠠᠨ ᠢ ᠪᠤᠳᠤᠯᠬᠢᠯᠠᠨ ᠰᠠᠶᠢᠨ ᠳᠤᠷ᠎ᠠ  ᠠᠴᠠ ᠪᠠᠨ ᠳᠥᠷᠪᠡᠳᠦᠭᠡᠷ  ᠳᠤᠮᠳᠠᠳᠤ ᠰᠤᠷᠭᠠᠭᠤᠯᠢ ᠳᠤ ᠣᠴᠢᠵᠤ ᠰᠤᠷᠤᠯᠴᠠᠵᠦ ᠪᠤᠯᠤᠨ᠎ᠠ᠃     4. ᠵᠠᠷᠤᠳ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ    ᠰᠣᠷᠣᠭᠴᠢ ᠡᠯᠰᠡᠬᠦ ᠬᠡᠪᠴᠢᠶ᠎ᠡ᠄ ᠯᠦᠪᠧᠢ ᠪᠠᠯᠭᠠᠰᠤᠨ ᠤ 7᠂ 8᠂ 9᠂ 10᠂ 11᠂ 12 ᠳ᠋ᠤᠭᠠᠷ  ᠰᠠᠭᠤᠭᠠᠯᠢ ᠠᠷᠠᠳ ᠤᠨ ᠵᠥᠪᠯᠡᠯ ᠪᠠ ᠰᠢ ᠱᠠᠨ ᠣᠶ ᠰᠢᠭᠤᠢ ᠶᠢᠨ ᠲᠠᠯᠠᠪᠠᠶ ᠳᠤ ᠡᠷᠦᠬᠡ ᠠᠮᠠ ᠶᠢᠨ ᠲᠠᠩᠰᠠ ᠲᠠᠢ  ᠪᠠᠭ᠎ᠠ ᠰᠤᠷᠭᠠᠭᠤᠯᠢ ᠲᠡᠭᠦᠰᠦᠭᠰᠡᠨ ᠰᠣᠷᠣᠭᠴᠢ︔ ᠯᠦᠪᠸᠢ ᠳᠥᠷᠪᠡᠳᠦᠭᠡᠷ ᠪᠠᠭ᠎ᠠ ᠰᠤᠷᠭᠠᠭᠤᠯᠢ᠂ ᠭᠦᠩ ᠨᠦᠩ   ᠰᠤᠷᠭᠠᠭᠤᠯᠢ᠂ ᠪᠠᠶᠠᠨᠲᠠᠯ᠎ᠠ ᠰᠤᠷᠭᠠᠭᠤᠯᠢ᠂ ᠲᠠᠢ ᠫᠢᠩ ᠱᠠᠨ ᠰᠤᠷᠭᠠᠭᠤᠯᠢ᠂ ᠦᠷᠭᠡᠨᠳᠠᠯ᠎ᠠ ᠲᠠᠷᠢᠶᠠᠯᠠᠩ ᠤᠨ  ᠲᠠᠯᠠᠪᠠᠢ ᠶᠢᠨ ᠰᠤᠷᠭᠠᠭᠤᠯᠢ ᠠᠴᠠ ᠲᠡᠭᠦᠰᠤᠭ᠍ᠰᠡᠨ ᠵᠢᠴᠢ ᠡᠷᠦᠭᠡ ᠠᠮᠠ ᠶᠢᠨ ᠲᠠᠩᠰᠠ ᠨᠢ ᠳᠡᠭᠡᠷ᠎ᠡ ᠳᠤᠷᠠᠳᠤᠭᠰᠠᠨ  ᠭᠠᠵᠠᠷ ᠣᠷᠣᠨ ᠤ ᠪᠠᠶᠢᠬᠤ ᠪᠠᠭ᠎ᠠ ᠰᠤᠷᠭᠠᠭᠤᠯᠢ ᠲᠡᠭᠦᠰᠦᠭᠰᠡᠨ ᠰᠤᠷᠤᠭᠴᠢᠳ︔  ᠦᠯᠵᠡᠶᠢᠮᠦ᠋ᠷᠡᠨ ᠰᠤᠮᠤ᠂  ᠪᠠᠶᠠᠷᠲᠤᠬᠤᠰᠢᠭᠤ ᠪᠠᠯᠭᠠᠰᠤ᠂ ᠬᠠᠶᠢᠷᠬᠠᠨ ᠣᠶ ᠰᠢᠭᠤᠢ ᠶᠢᠨ ᠲᠠᠯᠠᠪᠠᠶ᠂ ᠭᠡᠷᠴᠢᠯᠠᠭᠤ ᠰᠤᠮᠤ᠂ ᠤᠯᠠᠭᠠᠨᠬᠠᠳᠠ ᠰᠤᠮᠤ᠂  ᠠᠷᠤ ᠬᠥᠨᠳᠡᠯᠡᠨ ᠪᠠᠯᠭᠠᠰᠤ ᠵᠡᠷᠭᠡ ᠭᠠᠵᠠᠷ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ  ᠬᠢᠴᠢᠶᠡᠯᠯᠡᠬᠦ ᠰᠣᠷᠣᠭᠴᠢ ᠵᠢᠴᠢ ᠡᠷᠦᠬᠡ ᠠᠮᠠ ᠶᠢᠨ ᠲᠠᠩᠰᠠ ᠨᠢ ᠳᠡᠭᠡᠷ᠎ᠡ ᠳᠤᠷᠠᠳᠤᠭᠰᠠᠨ ᠭᠠᠵᠠᠷ ᠣᠷᠣᠨ ᠤ ᠪᠠᠶᠢᠬᠤ  ᠪᠠᠭ᠎ᠠ ᠰᠤᠷᠭᠠᠭᠤᠯᠢ ᠲᠡᠭᠦᠰᠦᠭᠰᠡᠨ ᠰᠣᠷᠣᠭᠴᠢ︔ ᠬᠤᠲᠠ ᠣᠷᠣᠵᠤ ᠠᠵᠢᠯ ᠬᠢᠬᠦ ᠨᠥᠬᠦᠴᠡᠯ ᠳᠤ ᠨᠡᠶᠢᠴᠡᠬᠦ ᠬᠥᠮᠥᠰ   ᠢ ᠳᠠᠭᠠᠵᠤ ᠢᠷᠡᠭᠰᠡᠨ ᠦᠷ᠎ᠡ ᠬᠡᠦᠬᠡᠳ ᠪᠠ ᠭᠡᠷ ᠲᠡᠭᠡᠨ ᠬᠤᠴᠣᠷᠤᠭᠰᠠᠨ ᠬᠡᠦᠬᠡᠳ᠂ ᠵᠠᠷᠤᠳ ᠬᠤᠰᠢᠭᠤᠨ ᠤ  ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠣᠭᠤᠷᠢᠭ ᠲᠤ ᠬᠠᠷᠢᠶᠠᠯᠠᠭᠳᠠᠨ᠎ᠠ᠂ ᠭᠡᠪᠡᠴᠦ ᠲᠣᠰᠴᠤ ᠬᠦᠷᠭᠡᠬᠦ ᠪᠠ  ᠪᠠᠶᠢᠷᠢ ᠳᠤ ᠰᠠᠭᠤᠬᠤ ᠳᠤ ᠲᠦᠭᠦᠮ ᠵᠡᠷᠭᠡ ᠰᠢᠯᠲᠠᠭᠠᠨ ᠢ ᠪᠤᠳᠤᠯᠬᠢᠯᠠᠨ ᠰᠠᠶᠢᠨ ᠳᠤᠷ᠎ᠠ ᠠᠴᠠ ᠪᠠᠨ ᠲᠠᠪᠤᠳᠤᠭᠠᠷ  ᠳᠤᠮᠳᠠᠳᠤ ᠰᠤᠷᠭᠠᠭᠤᠯᠢ ᠳᠤ ᠣᠴᠢᠵᠤ ᠰᠤᠷᠣᠯᠴᠠᠵᠤ ᠪᠣᠯᠣᠨ᠎ᠠ᠃     5. ᠣᠨᠴᠠᠯᠢᠭᠲᠤ ᠰᠤᠷᠭᠠᠭᠤᠯᠢ           ᠰᠣᠷᠣᠭᠴᠢ ᠡᠯᠰᠡᠬᠦ ᠬᠡᠪᠴᠢᠶ᠎ᠡ᠄ ᠪᠥᠬᠦ ᠬᠤᠰᠢᠭᠤᠨ ᠤ ᠡᠯ᠎ᠡ ᠪᠠᠭ᠎ᠠ ᠰᠤᠷᠭᠠᠭᠤᠯᠢ ᠠᠴᠠ ᠲᠡᠭᠦᠰᠦᠭᠡᠳ ᠣᠨᠴᠠᠯᠢᠭᠲᠤ ᠰᠤᠷᠭᠠᠭᠤᠯᠢ ᠳᠤ ᠣᠴᠢᠵᠤ ᠰᠤᠷᠤᠯᠴᠠᠬᠤ ᠬᠦᠰᠡᠯ ᠲᠠᠢ ᠰᠤᠷᠤᠭᠴᠢᠳ᠃                  6. ᠬᠤᠩᠬᠠᠳᠤ ᠠᠭᠤᠯᠠ ᠳᠤᠮᠳᠠᠳᠤ ᠰᠤᠷᠭᠠᠭᠤᠯᠢ           ᠰᠣᠷᠣᠭᠴᠢ ᠡᠯᠰᠡᠬᠦ ᠬᠡᠪᠴᠢᠶ᠎ᠡ᠄ ᠬᠤᠩᠬᠠᠳᠤ ᠠᠭᠤᠯᠠ ᠭᠤᠣᠯ ᠰᠤᠷᠭᠠᠭᠤᠯᠢ ᠵᠢᠴᠢ ᠦᠨᠡᠭᠡᠴᠢ ᠮᠠᠯᠵᠢᠯ ᠤᠨ  ᠲᠠᠯᠠᠪᠠᠶ ᠶᠢᠨ ᠪᠠᠭ᠎ᠠ ᠰᠤᠷᠭᠠᠭᠤᠯᠢ ᠠᠴᠠ ᠲᠡᠭᠦᠰᠤᠭ᠍ᠰᠡᠨ ᠰᠤᠷᠤᠭᠴᠢ᠃           7. ᠰᠢᠶᠠᠩᠱᠠᠨ ᠳᠤᠮᠳᠠᠳᠤ ᠰᠤᠷᠭᠠᠭᠤᠯᠢ           ᠰᠣᠷᠣᠭᠴᠢ ᠡᠯᠰᠡᠬᠦ ᠬᠡᠪᠴᠢᠶ᠎ᠡ᠄ ᠰᠢᠶᠠᠩᠱᠠᠨ ᠭᠤᠣᠯ ᠰᠤᠷᠭᠠᠭᠤᠯᠢ᠂ ᠰᠢᠶᠠᠩᠱᠠᠨ ᠲᠠᠷᠢᠶᠠᠯᠠᠩ ᠤᠨ  ᠲᠠᠯᠠᠪᠠᠶ ᠶᠢᠨ ᠰᠤᠷᠭᠠᠭᠤᠯᠢ᠂ ᠣᠶᠢᠷ᠎ᠠ ᠬᠠᠪᠢ ᠶᠢᠨ ᠠᠶᠢᠯ ᠲᠣᠰᠬᠤᠨ ᠤ ᠪᠠᠭ᠎ᠠ ᠰᠤᠷᠭᠠᠭᠤᠯᠢ ᠠᠴᠠ ᠲᠡᠭᠦᠰᠤᠭ᠍ᠰᠡᠨ  ᠰᠤᠷᠤᠭᠴᠢ᠃           8. ᠵᠢᠷᠤᠭᠡ ᠳᠤᠮᠳᠠᠳᠤ ᠰᠤᠷᠭᠠᠭᠤᠯᠢ           ᠰᠣᠷᠣᠭᠴᠢ ᠡᠯᠰᠡᠬᠦ ᠬᠡᠪᠴᠢᠶ᠎ᠡ᠄  ᠵᠢᠷᠤᠭᠡ ᠭᠤᠣᠯ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ᠵᠢᠴᠢ  ᠦᠷᠭᠡᠨᠲᠠᠯ᠎ᠠ ᠲᠠᠷᠢᠶᠠᠯᠠᠩ ᠤᠨ ᠲᠠᠯᠠᠪᠠᠶ ᠶᠢᠨ ᠣᠶᠢᠷ᠎ᠠ ᠬᠠᠪᠢ ᠶᠢᠨ ᠠᠶᠢᠯ ᠲᠣᠰᠬᠤᠨ ᠤ ᠪᠠᠭ᠎ᠠ ᠰᠤᠷᠭᠠᠭᠤᠯᠢ ᠠᠴᠠ  ᠲᠡᠭᠦᠰᠦᠭᠰᠡᠨ ᠰᠣᠷᠣᠭᠴᠢ᠃           9. ᠭᠠᠭ᠋ᠠᠶᠢᠳᠤ ᠰᠤᠷᠭᠠᠭᠤᠯᠢ           ᠰᠣᠷᠣᠭᠴᠢ ᠡᠯᠰᠡᠬᠦ ᠬᠡᠪᠴᠢᠶ᠎ᠡ᠄ ᠭᠠᠭ᠋ᠠᠶᠢᠳᠤ ᠪᠠᠭ᠎ᠠ ᠰᠤᠷᠭᠠᠭᠤᠯᠢ ᠠᠴᠠ ᠲᠡᠭᠦᠰᠦᠭᠰᠡᠳ ᠵᠢᠴᠢ ᠦᠨᠡᠭᠡᠴᠢ  ᠰᠤᠮᠤ ᠶᠢᠨ ᠣᠶᠢᠷ᠎ᠠ ᠬᠠᠪᠢ ᠶᠢᠨ ᠭᠠᠴᠠᠭ᠎ᠠ ᠲᠣᠰᠬᠤᠨ ᠤ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠃           10. ᠪᠠᠶᠠᠷᠳᠤᠬᠤᠰᠢᠭᠤ ᠰᠤᠷᠭᠠᠭᠤᠯᠢ          ᠰᠣᠷᠣᠭᠴᠢ ᠡᠯᠰᠡᠬᠦ ᠬᠡᠪᠴᠢᠶ᠎ᠡ᠄ ᠪᠠᠶᠠᠷᠳᠤᠬᠤᠰᠢᠭᠤ ᠰᠤᠷᠭᠠᠭᠤᠯᠢ᠂ ᠤᠯᠠᠭᠠᠨᠬᠠᠳᠠ ᠰᠤᠷᠭᠠᠭᠤᠯᠢ ᠵᠢᠴᠢ ᠠᠷᠤ  ᠬᠥᠨᠳᠡᠯᠡᠨ ᠰᠤᠷᠭᠠᠭᠤᠯᠢ ᠠᠴᠠ ᠪᠠᠭ᠎ᠠ ᠰᠤᠷᠭᠠᠭᠤᠯᠢ ᠪᠠᠨ  ᠲᠡᠭᠦᠰᠤᠭ᠍ᠰᠡᠨ ᠰᠤᠷᠤᠭᠴᠢ᠃           11. ᠭᠡᠷᠴᠢᠯᠠᠭᠤ ᠰᠤᠷᠭᠠᠭᠤᠯᠢ           ᠰᠣᠷᠣᠭᠴᠢ ᠡᠯᠰᠡᠬᠦ ᠬᠡᠪᠴᠢᠶ᠎ᠡ᠄  ᠭᠡᠷᠴᠢᠯᠠᠭᠤ  ᠰᠤᠷᠭᠠᠭᠤᠯᠢ ᠠᠴᠠ ᠪᠠᠭ᠎ᠠ ᠰᠤᠷᠭᠠᠭᠤᠯᠢ  ᠪᠠᠨ ᠲᠡᠭᠦᠰᠦᠭᠰᠡᠨ  ᠰᠣᠷᠣᠭᠴᠢ᠃           ᠡᠯ᠎ᠡ ᠰᠤᠮᠤ ᠪᠠᠯᠭᠠᠰᠤ ᠲᠠᠯᠠᠪᠠᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠬᠢᠨ ᠰᠤᠮᠣ ᠪᠠᠯᠭᠠᠰᠤᠨ ᠤ ᠪᠠᠭ᠎ᠠ ᠰᠤᠷᠭᠠᠭᠤᠯᠢ ᠠᠴᠠ ᠲᠡᠭᠦᠰᠦᠭᠰᠡᠨ ᠮᠥᠷᠲᠡᠭᠡᠨ ᠰᠠᠶᠢᠨ ᠳᠤᠷ᠎ᠠ ᠠᠴᠠ ᠪᠠᠨ ᠤᠭ ᠨᠤᠲᠤᠭ ᠲᠠᠭᠠᠨ  ᠦᠯᠡᠳᠡᠵᠦ ᠰᠤᠷᠤᠯᠴᠠᠬᠤ ᠪᠠᠷ ᠭᠤᠶᠤᠴᠢᠯᠠᠭᠰᠠᠨ ᠰᠣᠷᠣᠭᠴᠢ ᠶᠢ ᠨᠥᠬᠦᠴᠡᠯ ᠦᠭᠡᠢ ᠭᠥᠯᠢᠶᠡᠨ ᠠᠪᠬᠤ ᠬᠡᠷᠡᠭᠲᠡᠢ᠃     ᠳᠣᠯᠤᠭ᠎ᠠ᠂ ᠰᠤᠷᠬᠤ ᠪᠠᠶᠢᠷᠢ ᠲᠥᠷᠥᠯ ᠬᠡᠯᠪᠡᠷᠢ ᠵᠢᠴᠢ ᠡᠯᠰᠡᠬᠦ ᠪᠦᠯᠦᠭ ᠤᠳᠠᠭ᠎ᠠ    ︵ᠨᠢᠭᠡ︶ ᠠᠯᠪᠠᠨ ᠵᠢᠷᠤᠮ  ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ           ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠬᠢᠭᠡᠳ ᠲᠡᠭᠦᠨ ᠤ ᠡᠴᠢᠭᠡ ᠡᠬᠡ ︵  ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠶᠢᠨ ᠣᠷᠣᠰᠢᠨ ᠰᠠᠭᠤᠵᠤ ᠪᠠᠶᠢᠭ᠎ᠠ ᠪᠠᠶᠢᠳᠠᠯ ᠪᠠ ᠡᠷᠦᠬᠡ  ᠠᠮᠠ ᠶᠢᠨ ᠲᠠᠩᠰᠠ ᠶᠢᠨ ᠪᠠᠶᠢᠳᠠᠯ ᠢ ᠦᠨᠳᠦᠰᠦᠯᠡᠨ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ  ᠰᠤᠷᠭᠠᠭᠤᠯᠢ ᠶᠢᠨ ᠰᠤᠷᠭᠠᠭᠤᠯᠢ ᠶᠢᠨ ᠲᠣᠭᠤᠷᠢᠭ ᠲᠠᠬᠢ ᠰᠤᠷᠬᠤ ᠪᠠᠶᠢᠷᠢ ᠢ A᠂ B᠂ C᠂ D᠂ E ᠵᠡᠷᠭᠡ ᠬᠡᠳᠦᠨ  ᠲᠥᠷᠥᠯ ᠬᠤᠪᠢᠶᠠᠨ᠎ᠠ᠃ ᠡᠭᠦᠨ ᠳᠤ ᠰᠤᠮᠤ ᠪᠠᠯᠭᠠᠰᠤ ᠲᠠᠯᠠᠪᠠᠢ ᠶᠢᠨ ᠰᠤᠷᠭᠠᠭᠤᠯᠢ ᠶᠢ ᠵᠠᠷᠴᠢᠮ ᠳᠡᠭᠡᠷ᠎ᠡ ᠪᠠᠨ  ᠪᠦᠬᠦᠨ ᠢ A ᠲᠥᠷᠥᠯ ᠳᠤ ᠬᠠᠷᠢᠶᠠᠯᠠᠭᠤᠯᠵᠤ᠂ ᠯᠦᠪᠸᠢ ᠨᠢᠭᠡᠳᠦᠭᠡᠷ ᠪᠠᠭ᠎ᠠ ᠰᠤᠷᠭᠠᠭᠤᠯᠢ᠂ ᠮᠣᠩᠭᠤᠯ  ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠵᠠᠷᠤᠳ ᠬᠤᠰᠢᠭᠤᠨ ᠤ ᠮᠣᠩᠭᠤᠯ ᠦᠨᠳᠦᠰᠦᠲᠡᠨ ᠤ  ᠬᠤᠶᠠᠳᠤᠭᠠᠷ ᠳᠤᠮᠳᠠᠳᠤ ᠰᠤᠷᠭᠠᠭᠤᠯᠢ᠂ ᠵᠠᠷᠤᠳ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ ᠶᠢ A᠂ B᠂ C᠂ D᠂ E ᠭᠡᠵᠦ ᠲᠠᠪᠤᠨ ᠲᠥᠷᠥᠯ ᠬᠤᠪᠢᠶᠠᠵᠤ᠂ ᠪᠠᠯᠭᠠᠰᠤᠨ ᠳᠤ ᠰᠠᠭᠤᠭ᠎ᠠ ᠪᠤᠰᠤᠳ ᠰᠤᠷᠭᠠᠭᠤᠯᠢ ᠶᠢ ᠴᠥᠮ A᠂ B᠂ C᠂ D  ᠭᠡᠵᠦ ᠳᠥᠷᠪᠡᠨ ᠲᠥᠷᠥᠯ ᠬᠤᠪᠢᠶᠠᠵᠤ᠂ ᠵᠢᠭᠰᠠᠭᠠᠯᠲᠠ ᠶᠢᠨ ᠪᠠᠶᠢᠳᠠᠯ ᠢ ᠦᠨᠳᠤᠰᠤᠯᠡᠨ ᠡᠮᠦᠨ᠎ᠡ ᠠᠴᠠ  ᠨᠢ ᠬᠤᠶᠢᠰᠢ  ᠳᠠᠷᠠᠭᠠᠯᠠᠨ ᠡᠯᠰᠡᠨ᠎ᠡ᠃     1. A ᠲᠥᠷᠥᠯ᠄ ᠡᠷᠦᠬᠡ ᠠᠮᠠ ᠶᠢᠨ ᠲᠠᠩᠰᠠ ᠲᠠᠢ ᠪᠠᠰᠠ ᠭᠡᠷ ᠪᠠᠶᠢᠰᠢᠩ ᠲᠠᠢ᠂ ᠲᠤᠬᠠᠶᠢᠯᠠᠪᠠᠯ  ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠵᠢᠴᠢ ᠬᠢᠨᠠᠨ ᠬᠠᠮᠠᠭᠠᠯᠠᠭᠴᠢ ᠶᠢᠨ ᠡᠷᠦᠬᠡ ᠠᠮᠠ ᠶᠢᠨ ᠲᠠᠩᠰᠠ ᠪᠠ ᠭᠡᠷ ᠬᠥᠷᠥᠩᠭᠡ ᠶᠢᠨ ᠦᠨᠡᠮᠯᠡᠯ ︵ᠪᠤᠶᠤ ᠭᠡᠷ ᠬᠥᠷᠥᠩᠭᠡ ᠶᠢᠨ ᠭᠠᠵᠠᠷ ᠳᠠᠩᠰᠠᠯᠠᠭᠤᠯᠤᠭᠰᠠᠨ ᠭᠡᠷ ᠪᠠᠶᠢᠰᠢᠩ ᠬᠤᠳᠠᠯᠳᠤᠨ ᠠᠪᠤᠭᠰᠠᠨ ᠭᠡᠷ᠎ᠡ︶ ᠤᠨ ᠮᠡᠳᠡᠭᠡ ᠵᠠᠩᠭᠢ ᠨᠢ ᠨᠢᠭᠡᠳᠦᠯᠲᠡᠢ ᠪᠠᠶᠢᠵᠤ᠂ ᠰᠤᠷᠭᠠᠭᠤᠯᠢ ᠶᠢᠨ ᠲᠣᠭᠤᠷᠢᠭ ᠲᠤ ᠢᠷᠡᠭᠡᠳ ᠪᠦᠬᠦᠯᠢ ᠨᠢᠭᠡ ᠵᠢᠯ ᠠᠴᠠ ᠳᠡᠭᠡᠭᠰᠢ ᠪᠣᠯᠤᠭᠰᠠᠨ᠂ ᠪᠣᠳᠠᠲᠠᠢ ᠣᠷᠣᠰᠢᠨ ᠰᠠᠭᠤᠵᠦ ᠪᠠᠶᠢᠬᠤ ᠵᠢᠴᠢ ᠬᠠᠷᠠᠭᠠᠯᠵᠠᠭᠰᠠᠨ ᠰᠤᠷᠭᠠᠭᠤᠯᠢ ᠶᠢᠨ ᠲᠣᠭᠤᠷᠢᠭ ᠲᠠᠢ ᠨᠡᠶᠢᠴᠡᠵᠦ ᠪᠠᠶᠢᠬᠤ᠂ ᠲᠣᠰ ᠨᠥᠬᠦᠴᠡᠯ ᠳᠤ ᠨᠡᠶᠢᠴᠡᠭᠰᠡᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠢ ᠨᠢᠭᠡᠳᠦᠭᠡᠷ ᠪᠦᠯᠦᠭ ᠲᠤ ᠡᠯᠰᠡᠨ᠎ᠡ᠃           2. B ᠲᠦᠷᠦᠯ᠄ ︵1︶ ᠡᠷᠦᠭᠡ ᠠᠮᠠᠨ ᠲᠠᠩᠰᠠ ᠲᠠᠢ ᠪᠠᠰᠠ ᠡᠪᠦᠭᠡ ᠶᠢᠨ ᠭᠡᠷ ᠪᠠᠶᠢᠰᠢᠩ ᠲᠠᠢ᠂ ᠲᠤᠬᠠᠶᠢᠯᠠᠪᠠᠯ ᠰᠤᠷᠭᠠᠭᠤᠯᠢ ᠶᠢᠨ ᠲᠣᠭᠤᠷᠢᠭ ᠲᠤ ᠡᠪᠦᠭᠡ ᠣᠮᠪᠣᠯᠣ ᠭᠤᠷᠪᠠᠨ ᠦᠶ᠎ᠡ ᠪᠠᠷ ᠢᠶᠠᠨ  ᠲᠣᠰ ᠭᠡᠷ ᠲᠤ ᠪᠦᠬᠦᠯᠢ ᠭᠤᠷᠪᠠᠨ ᠵᠢᠯ ᠪᠤᠯᠤᠭᠰᠠᠨ᠂ ᠭᠡᠷ ᠬᠥᠷᠥᠩᠭᠡ ᠶᠢᠨ ᠦᠨᠡᠮᠯᠡᠯ ᠨᠢ ᠪᠦᠬᠦᠯᠢ ᠨᠢᠭᠡ ᠵᠢᠯ ᠪᠣᠯᠤᠭᠰᠠᠨ ᠪᠥᠭᠡᠳ ᠪᠣᠳᠠᠲᠠᠢ ᠣᠷᠣᠰᠢᠨ ᠰᠠᠭᠤᠵᠤ ᠪᠠᠶᠢᠬᠤ᠂ ᠡᠪᠦᠭᠡ ᠶᠢᠨ ᠭᠡᠷ ᠬᠥᠷᠥᠩᠭᠡ ᠨᠢ ᠡᠪᠦᠭᠡ ᠶᠢᠨ ᠨᠡᠷ᠎ᠡ ᠲᠡᠭᠡᠷ᠎ᠡ ᠪᠠᠶᠢᠬᠤ ᠪᠤᠶᠤ ᠠᠪᠠᠭᠠᠢ  ᠯᠤᠭ᠎ᠠ ᠶᠢᠨ ᠬᠠᠮᠲᠤ ᠶᠢᠨ ᠭᠡᠷ ᠬᠥᠷᠥᠩᠭᠡ ︵ᠡᠷ᠎ᠡ ᠡᠮ᠎ᠡ ᠶᠢᠨ ᠬᠠᠷᠢᠴᠠᠭ᠎ᠠ ᠦᠷᠭᠦᠯᠵᠢᠯᠡᠵᠦ ᠪᠠᠶᠢᠬᠤ ᠬᠤᠭᠤᠴᠠᠭ᠎ᠠ︶ ᠪᠣᠯᠬᠤ ᠪᠠᠰᠠ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠤᠨ ᠲᠣᠰ ᠪᠡᠶ᠎ᠡ ᠵᠢᠴᠢ ᠲᠡᠭᠦᠨ ᠤ ᠡᠴᠢᠭᠡ ᠡᠬᠡ ᠶᠢᠨ ᠨᠡᠷ᠎ᠡ ᠳᠡᠭᠡᠷ᠎ᠡ ᠦᠭᠡᠷ᠎ᠡ ᠶᠠᠮᠠᠷ ᠴᠤ ᠭᠡᠷ ᠬᠥᠷᠥᠩᠭᠡ ᠪᠠᠶᠢᠬᠤ ᠦᠭᠡᠢ ᠰᠤᠷᠤᠭᠴᠢ᠃ ︵2︶ ᠭᠡᠷ ᠪᠠᠶᠢᠰᠢᠩ ᠲᠠᠢ ᠭᠠᠳᠠᠨᠠᠬᠢ ᠡᠷᠦᠬᠡ᠂ ᠲᠤᠬᠠᠶᠢᠯᠠᠪᠠᠯ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠵᠢᠴᠢ ᠬᠢᠨᠠᠨ ᠬᠠᠮᠠᠭᠠᠯᠠᠭᠴᠢ ᠶᠢᠨ ᠡᠷᠦᠬᠡ ᠠᠮᠠ ᠶᠢᠨ ᠲᠠᠩᠰᠠ ᠨᠢ ᠰᠤᠷᠭᠠᠭᠤᠯᠢ ᠶᠢᠨ ᠲᠣᠭᠤᠷᠢᠭ ᠲᠤ ᠪᠠᠶᠢᠬᠤ ᠦᠭᠡᠢ ᠪᠣᠯᠪᠠᠴᠤ ᠬᠢᠨᠠᠨ ᠬᠠᠮᠠᠭᠠᠯᠠᠭᠴᠢ ᠶᠢᠨ ᠭᠡᠷ ᠬᠥᠷᠥᠩᠭᠡ ᠶᠢᠨ ᠦᠨᠡᠮᠯᠡᠯ ︵ᠭᠡᠷ ᠬᠥᠷᠥᠩᠭᠡ ᠶᠢᠨ ᠭᠠᠵᠠᠷ ᠲᠤ ᠳᠠᠩᠰᠠᠯᠠᠭᠤᠯᠤᠭᠰᠠᠨ ᠭᠡᠷ ᠪᠠᠶᠢᠰᠢᠩ ᠬᠤᠳᠠᠯᠳᠤᠨ ᠠᠪᠤᠭᠰᠠᠨ ᠭᠡᠷ᠎ᠡ ᠪᠠᠭᠲᠠᠨ᠎ᠠ︶ ᠨᠢ ᠪᠦᠬᠦᠯᠢ ᠨᠢᠭᠡ ᠵᠢᠯ ᠪᠣᠯᠤᠭᠰᠠᠨ ᠪᠥᠭᠡᠳ ᠪᠣᠳᠠᠲᠠᠢ ᠣᠷᠣᠰᠢᠨ ᠰᠠᠭᠤᠵᠤ ᠪᠠᠶᠢᠬᠤ᠂ ᠬᠠᠷᠠᠭᠠᠯᠵᠠᠭᠰᠠᠨ ᠰᠤᠷᠭᠠᠭᠤᠯᠢ ᠶᠢᠨ ᠲᠣᠭᠤᠷᠢᠭ ᠲᠠᠢ ᠨᠡᠶᠢᠴᠡᠬᠦ  ᠰᠤᠷᠤᠭᠴᠢ᠃           ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂  ᠪᠠᠭᠠᠴᠤᠳ ᠨᠢᠭᠡᠳᠦᠭᠡᠷ ᠪᠦᠯᠦᠭ ᠤᠨ ᠰᠤᠷᠤᠭᠴᠢ ᠡᠯᠰᠡᠬᠦ ᠲᠥᠯᠥᠪᠯᠡᠭᠡ ᠶᠢᠨ ᠲᠣᠭᠠᠨ ᠳᠤ  ᠬᠦᠷᠦᠭᠰᠡᠨ ᠦᠭᠡᠢ  ᠪᠠᠶᠢᠳᠠᠯ ᠳᠣᠣᠷ᠎ᠠ᠂ ᠬᠤᠶᠠᠳᠤᠭᠠᠷ ᠪᠦᠯᠦᠭ ᠠᠴᠠ ᠡᠯᠰᠡᠨ᠎ᠡ᠃           3. C ᠲᠦᠷᠦᠯ᠄ ᠭᠡᠷ ᠬᠥᠷᠥᠩᠭᠡ ᠶᠢᠨ ᠦᠨᠡᠮᠯᠡᠯ ᠨᠢ ᠪᠦᠬᠦᠯᠢ ᠨᠢᠭᠡ ᠵᠢᠯ ᠪᠣᠯᠣᠭᠠᠳᠤᠢ ᠪᠣᠯᠪᠠᠴᠤ ᠪᠦᠬᠦᠯᠢ ᠬᠠᠭᠠᠰ ᠵᠢᠯ ᠠᠴᠠ ᠳᠡᠭᠡᠭᠰᠢ ᠪᠣᠯᠤᠭᠰᠠᠨ᠃ ᠲᠤᠬᠠᠶᠢᠯᠠᠪᠠᠯ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂  ᠪᠠᠭᠠᠴᠤᠳ ᠵᠢᠴᠢ ᠬᠢᠨᠠᠨ ᠬᠠᠮᠠᠭᠠᠯᠠᠭᠴᠢ ᠨᠢ ᠰᠤᠷᠭᠠᠭᠤᠯᠢ ᠶᠢᠨ ᠲᠣᠭᠤᠷᠢᠭ ᠲᠤ ᠭᠡᠷ ᠪᠠᠶᠢᠰᠢᠩ ᠲᠠᠢ ᠪᠥᠭᠡᠳ ᠪᠣᠳᠠᠲᠠᠢ ᠣᠷᠣᠰᠢᠨ ᠰᠠᠭᠤᠵᠤ ᠪᠠᠶᠢᠬᠤ᠂ ᠭᠡᠷ ᠬᠥᠷᠥᠩᠭᠡ ᠶᠢᠨ ᠦᠨᠡᠮᠯᠡᠯ ᠨᠢ ᠪᠦᠭᠦᠯᠢ ᠨᠢᠭᠡ ᠵᠢᠯ ᠪᠣᠯᠣᠭᠠᠳᠤᠢ  ᠪᠣᠯᠪᠠᠴᠤ ᠬᠠᠭᠠᠰ ᠵᠢᠯ ᠠᠴᠠ ᠳᠡᠭᠡᠭᠰᠢ ︵ᠭᠡᠷ ᠬᠥᠷᠥᠩᠭᠡ ᠶᠢᠨ ᠭᠠᠵᠠᠷ ᠲᠤ ᠳᠠᠩᠰᠠᠯᠠᠭᠤᠯᠤᠭᠰᠠᠨ ᠭᠡᠷ  ᠪᠠᠶᠢᠰᠢᠩ ᠬᠤᠳᠠᠯᠳᠤᠨ ᠠᠪᠬᠤ ᠭᠡᠷ᠎ᠡ ᠪᠠᠭᠲᠠᠨ᠎ᠠ︶ ᠪᠣᠯᠣᠭᠰᠠᠨ ᠬᠠᠷᠠᠭᠠᠯᠵᠠᠭᠰᠠᠨ ᠰᠤᠷᠭᠠᠭᠤᠯᠢ ᠶᠢᠨ ᠲᠣᠭᠤᠷᠢᠭ ᠲᠤ ᠨᠡᠶᠢᠴᠡᠬᠦ ᠰᠤᠷᠤᠭᠴᠢ᠃ ᠲᠤᠰ ᠨᠥᠬᠦᠴᠡᠯ ᠳᠤ ᠨᠡᠶᠢᠴᠡᠭᠰᠡᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂  ᠪᠠᠭᠠᠴᠤᠳ ᠬᠤᠶᠠᠳᠤᠭᠠᠷ ᠪᠦᠯᠦᠭ ᠤᠨ ᠰᠤᠷᠤᠭᠴᠢ ᠡᠯᠰᠡᠬᠦ ᠲᠥᠯᠥᠪᠯᠡᠭᠡ ᠶᠢᠨ ᠲᠣᠭᠠᠨ ᠳᠤ ᠬᠦᠷᠦᠭᠰᠡᠨ ᠦᠭᠡᠢ ᠪᠠᠶᠢᠳᠠᠯ ᠳᠣᠣᠷ᠎ᠠ᠂ ᠭᠤᠷᠪᠠᠳᠤᠭᠠᠷ ᠪᠦᠯᠦᠭ ᠠᠴᠠ ᠡᠯᠰᠡᠨ᠎ᠡ᠃           4. D ᠲᠥᠷᠥᠯ᠄ ᠡᠷᠦᠬᠡ ᠠᠮᠠ ᠲᠠᠢ ᠪᠤᠯᠪᠠᠴᠤ ᠭᠡᠷ ᠪᠠᠶᠢᠰᠢᠩ ᠦᠭᠡᠢ᠂ ᠲᠤᠬᠠᠶᠢᠯᠠᠪᠠᠯ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠵᠢᠴᠢ ᠬᠢᠨᠠᠨ ᠬᠠᠮᠠᠭᠠᠯᠠᠭᠴᠢ ᠨᠢ ᠰᠤᠷᠭᠠᠭᠤᠯᠢ ᠶᠢᠨ ᠲᠣᠭᠤᠷᠢᠭ ᠲᠤ ᠭᠡᠷ  ᠪᠠᠶᠢᠰᠢᠩ ᠦᠭᠡᠢ᠂ ᠭᠡᠪᠡᠴᠦ ᠡᠷᠦᠬᠡ ᠠᠮᠠ ᠶᠢᠨ ᠲᠠᠩᠰᠠ ᠨᠢ ᠬᠠᠷᠠᠭᠠᠯᠵᠠᠭᠰᠠᠨ ᠰᠤᠷᠭᠠᠭᠤᠯᠢ ᠶᠢᠨ ᠲᠣᠭᠤᠷᠢᠭ ᠲᠤ  ᠪᠠᠶᠢᠬᠤ ᠮᠥᠷᠲᠡᠭᠡᠨ ᠪᠦᠬᠦᠯᠢ ᠬᠤᠶᠠᠷ ᠵᠢᠯ ᠠᠴᠠ ᠳᠡᠭᠡᠭᠰᠢ ᠪᠣᠯᠤᠭᠰᠠᠨ ᠰᠤᠷᠤᠭᠴᠢ᠃ ᠲᠤᠰ ᠨᠥᠬᠦᠴᠡᠯ ᠳᠤ ᠨᠡᠶᠢᠴᠡᠭᠰᠡᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠢ ᠲᠦᠷᠦᠭᠦᠦ ᠭᠤᠷᠪᠠᠨ ᠪᠦᠯᠦᠭ ᠤᠨ ᠰᠤᠷᠤᠭᠴᠢ ᠡᠯᠰᠡᠬᠦ ᠲᠥᠯᠥᠪᠯᠡᠭᠡ ᠶᠢᠨ ᠲᠣᠭᠠᠨ ᠳᠤ ᠬᠦᠷᠦᠭᠰᠡᠨ ᠦᠭᠡᠢ ᠪᠠᠶᠢᠳᠠᠯ ᠲᠤᠤᠷ᠎ᠠ᠂ ᠰᠤᠷᠭᠠᠭᠤᠯᠢ ᠶᠢᠨ ᠰᠤᠷᠤᠭᠴᠢ ᠡᠯᠰᠡᠬᠦ ᠤᠷᠤᠨ ᠲᠤᠭ᠎ᠠ ᠦᠯᠡᠳᠡᠪᠦᠷᠢ ᠲᠠᠢ ᠪᠠᠶᠢᠪᠠᠯ ᠳᠥᠷᠪᠡᠳᠦᠭᠡᠷ ᠪᠦᠯᠦᠭ ᠠᠴᠠ ᠡᠯᠰᠡᠨ᠎ᠡ᠃          5. E ᠲᠥᠷᠥᠯ᠄ ᠡᠷᠦᠬᠡ ᠭᠡᠷ ᠲᠦᠷᠢᠶᠡᠰᠤᠯᠡᠵᠦ ᠪᠠᠶᠢᠭ᠎ᠠ ᠭᠠᠳᠠᠨᠠᠬᠢ ᠡᠷᠤᠭᠡ᠂ ᠲᠤᠬᠠᠶᠢᠯᠠᠪᠠᠯ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠵᠢᠴᠢ ᠬᠢᠨᠠᠨ ᠬᠠᠮᠠᠭᠠᠯᠠᠭᠴᠢ ᠨᠢ ᠯᠦᠪᠧᠢ  ᠪᠠᠯᠭᠠᠰᠤᠨ ᠳᠤ ᠰᠠᠭᠤᠭ᠎ᠠ ᠡᠷᠦᠬᠡ ᠠᠮᠠ ᠪᠢᠰᠢ᠂ ᠯᠦᠪᠧᠢ ᠪᠠᠯᠭᠠᠰᠤᠨ ᠤ ᠲᠣᠭᠤᠷᠢᠭ ᠲᠤ ᠭᠡᠷ ᠪᠠᠶᠢᠰᠢᠩ ᠦᠭᠡᠢ᠂  ᠬᠤᠲᠠ ᠳᠤ ᠣᠷᠣᠵᠤ ᠠᠵᠢᠯ ᠬᠢᠬᠦ ᠳᠤ ᠳᠠᠭᠠᠵᠤ ᠢᠷᠡᠭᠰᠡᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠲᠤ ᠬᠠᠷᠢᠶᠠᠯᠠᠭᠳᠠᠪᠠᠯ᠂ ᠪᠠᠭᠠᠴᠤᠳ ᠵᠢᠴᠢ ᠬᠢᠨᠠᠨ ᠬᠠᠮᠠᠭᠠᠯᠠᠭᠴᠢ ᠨᠢ ᠯᠦᠪᠧᠢ ᠪᠠᠯᠭᠠᠰᠤᠨ ᠤ ᠬᠤᠲᠠ ᠶᠢᠨ ᠲᠣᠭᠤᠷᠢᠭ ᠲᠤ ᠪᠦᠬᠦᠯᠢ 6 ᠰᠠᠷ᠎ᠠ ᠰᠠᠭᠤᠭᠰᠠᠨ ᠪᠠᠶᠢᠬᠤ ᠬᠡᠷᠡᠭᠲᠡᠢ᠃ ᠨᠡᠶᠢᠭᠡᠮ ᠲᠣᠭᠤᠷᠢᠭ ᠲᠤ ᠣᠷᠣᠰᠢᠨ ᠰᠠᠭᠤᠬᠤ ᠭᠡᠷᠡᠴᠢ᠂ ᠬᠢᠨᠠᠨ ᠬᠠᠮᠠᠭᠠᠯᠠᠭᠴᠢ ᠶᠢᠨ ᠠᠵᠢᠯ ᠡᠷᠬᠢᠯᠡᠬᠦ ᠭᠡᠷᠡᠴᠢ ︵ᠬᠤᠳᠠᠯᠳᠤᠭ᠎ᠠ ᠡᠷᠬᠢᠯᠡᠬᠦ ᠡᠵᠡᠩᠨᠡᠯᠲᠡ ᠶᠢᠨ ᠦᠨᠡᠮᠯᠡᠯ ᠪᠤᠶᠤ ᠬᠥᠳᠡᠯᠮᠦᠷᠢ ᠦᠢᠯᠡᠴᠢᠯᠡᠭᠡᠨ ᠤ ᠭᠡᠷ᠎ᠡ᠂ ᠠᠵᠢᠯ ᠬᠢᠵᠦ ᠪᠠᠶᠢᠭ᠎ᠠ ᠭᠡᠷᠡᠴᠢ︶᠂ ᠭᠡᠷ ᠪᠠᠶᠢᠰᠢᠩ ᠲᠦᠷᠢᠶᠡᠰᠦᠯᠡᠬᠦ ᠭᠡᠷ᠎ᠡ᠂ ᠡᠷᠦᠬᠡ ᠠᠮᠠ ᠶᠢᠨ ᠳᠠᠩᠰᠠ ᠪᠠᠶᠢᠭ᠎ᠠ ᠭᠠᠴᠠᠭ᠎ᠠ ᠲᠣᠰᠬᠤᠨ ᠬᠤᠪᠢᠶᠠᠷᠢ ᠲᠠᠯᠠᠪᠠᠶ ᠠᠴᠠ ᠭᠠᠷᠭᠠᠭᠰᠠᠨ ᠭᠠᠳᠠᠭᠰᠢ ᠭᠠᠷᠴᠤ ᠠᠵᠢᠯ ᠬᠢᠬᠦ ᠪᠤᠶᠤ ᠬᠤᠳᠠᠯᠳᠤᠭ᠎ᠠ ᠡᠷᠬᠢᠯᠡᠬᠦ ᠭᠡᠷᠡᠴᠢ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠪᠦᠷᠢᠨ ᠭᠦᠢᠴᠡᠳ ᠪᠠᠶᠢᠬᠤ ᠪᠠᠶᠢᠳᠠᠯ ᠳᠣᠣᠷ᠎ᠠ᠂ ︽ᠢᠯᠡ ᠪᠠᠷ ᠰᠣᠷᠣᠭᠴᠢ ᠡᠯᠰᠡᠬᠦ ᠲᠠᠪᠴᠠᠩ ᠤᠨ ᠰᠢᠰᠲ᠋ᠧᠮ︾ ︵ᠲᠦᠩᠯᠢᠶᠣᠣ ᠶᠢᠨ ᠰᠤᠷᠭᠠᠨ ᠬᠥᠮᠦᠵᠢᠯ ᠤᠨ ᠡᠭᠦᠯᠡᠨ ᠲᠠᠪᠴᠠᠩ︶ ᠢᠶᠠᠷ ᠳᠠᠮᠵᠢᠭᠤᠯᠤᠨ ᠳᠣᠣᠷᠠᠬᠢ ᠬᠠᠷᠠᠭᠠᠯᠵᠠᠭᠰᠠᠨ ᠰᠤᠷᠭᠠᠭᠤᠯᠢ ᠳᠤ ᠣᠷᠣᠬᠤ ᠪᠠᠷ ᠭᠤᠶᠤᠴᠢᠯᠠᠨ᠎ᠠ᠄ ᠪᠠᠭ᠎ᠠ ᠰᠤᠷᠭᠠᠭᠤᠯᠢ ᠶᠢᠨ ᠰᠢᠨ᠎ᠡ ᠰᠣᠷᠣᠭᠴᠢ ᠪᠤᠯ ᠵᠢᠭᠠᠨ ᠲᠣᠭᠲᠠᠭᠠᠭᠰᠠᠨ ᠯᠦᠪᠸᠢ ᠨᠢᠭᠡᠳᠦᠭᠡᠷ ᠪᠠᠭ᠎ᠠ ᠰᠤᠷᠭᠠᠭᠤᠯᠢ᠂ ᠵᠠᠷᠤᠳ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠣᠷᠣᠬᠤ ᠪᠠᠷ ᠭᠤᠶᠣᠴᠢᠯᠠᠨ᠎ᠠ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠰᠣᠷᠣᠭᠴᠢ ᠪᠤᠯ ᠵᠢᠭᠠᠨ ᠲᠣᠭᠲᠠᠭᠠᠭᠰᠠᠨ ᠵᠠᠷᠤᠳ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ᠂ ᠵᠠᠷᠤᠳ ᠬᠤᠰᠢᠭᠤᠨ ᠤ ᠮᠣᠩᠭᠤᠯ ᠦᠨᠳᠦᠰᠦᠲᠡᠨ ᠤ  ᠬᠤᠶᠠᠳᠣᠭᠠᠷ ᠳᠣᠮᠳᠠᠲᠤ ᠰᠣᠷᠭᠠᠭᠤᠯᠢ ᠳᠤ ᠣᠷᠣᠬᠤ ᠪᠠᠷ ᠭᠤᠶᠤᠴᠢᠯᠠᠨ᠎ᠠ︔ ᠬᠡᠷᠪᠡ ᠳᠡᠭᠡᠷ᠎ᠡ ᠳᠣᠷᠠᠳᠣᠭᠰᠠᠨ ᠬᠤᠯᠪᠣᠭᠳᠠᠯ ᠪᠦᠬᠦᠢ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠪᠠᠷ ᠭᠤᠶᠤᠴᠢᠯᠠᠭᠰᠠᠨ ᠬᠥᠮᠥᠨ ᠤ ᠲᠤᠭ᠎ᠠ ᠨᠢ ᠰᠤᠷᠭᠠᠭᠤᠯᠢ ᠶᠢᠨ ᠲᠥᠯᠥᠪᠯᠡᠭᠡ ᠠᠴᠠ ᠳᠠᠪᠠᠭᠰᠠᠨ ᠪᠠᠶᠢᠪᠠᠯ᠂ ᠰᠤᠷᠭᠠᠭᠤᠯᠢ ᠠᠴᠠ ᠲᠣᠰ ᠮᠡᠳᠡᠭᠡ ᠵᠠᠩᠭᠢ ᠶᠢ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠳᠤ ᠮᠡᠳᠡᠭᠦᠯᠵᠦ᠂ ᠬᠤᠰᠢᠭᠤᠨ ᠤ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠠᠴᠠ ᠲᠤᠬᠢᠷᠠᠭᠤᠯᠤᠯᠳᠠ ᠬᠢᠵᠦ ᠡᠯᠰᠡᠨ᠎ᠡ᠃         6. ᠬᠡᠷᠪᠡ ᠳᠡᠭᠡᠷ᠎ᠡ ᠨᠢᠭᠡ ᠪᠦᠯᠦᠭ ᠤᠨ ᠰᠣᠷᠣᠭᠴᠢ ᠡᠯᠰᠡᠬᠦ ᠲᠥᠯᠥᠪᠯᠡᠭᠡ ᠶᠢᠨ ᠲᠤᠭ᠎ᠠ ᠳᠤ ᠬᠦᠷᠦᠭᠰᠡᠨ᠂ ᠳᠠᠷᠠᠭ᠎ᠠ ᠨᠢᠭᠡ ᠪᠦᠯᠦᠭ ᠤᠨ ᠨᠥᠬᠦᠴᠡᠯ ᠳᠤ ᠨᠡᠶᠢᠴᠡᠬᠦ ᠰᠣᠷᠣᠭᠴᠢ ᠦᠯᠡᠳᠡᠪᠦᠷᠢ ᠲᠠᠢ ᠪᠠᠶᠢᠪᠠᠯ᠂ ᠰᠢᠪᠠᠭ᠎ᠠ ᠰᠤᠭᠤᠯᠬᠤ ᠠᠷᠭ᠎ᠠ ᠪᠠᠷ ᠡᠯᠰᠡᠵᠦ᠂ ᠰᠤᠷᠬᠤ ᠪᠠᠶᠢᠷᠢ ᠨᠢ ᠳᠦᠭᠦᠷᠲᠡᠯ᠎ᠡ ᠡᠯᠰᠡᠨ᠎ᠡ᠃ ᠦᠯᠦ ᠡᠯᠰᠡᠭᠳᠡᠭᠰᠡᠨ ᠰᠣᠷᠣᠭᠴᠢ ᠶᠢ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠬᠤ ᠠᠷᠭ᠎ᠠ ᠪᠠᠷ ᠪᠤᠰᠤᠳ ᠰᠤᠷᠬᠤ ᠪᠠᠶᠢᠷᠢ ᠦᠯᠡᠳᠡᠪᠦᠷᠢ  ᠲᠠᠢ ᠰᠤᠷᠭᠠᠭᠤᠯᠢ ᠳᠤ ᠲᠣᠬᠢᠷᠠᠭᠤᠯᠤᠨ ᠰᠤᠷᠤᠯᠴᠠᠭᠤᠯᠤᠨ᠎ᠠ᠃          7. ᠠᠭᠤᠰᠣᠯᠴᠠᠭᠰᠠᠨ ᠰᠤᠷᠭᠠᠨ ᠬᠦᠮᠦᠵᠢᠯ ᠢ ᠢᠳᠡᠪᠬᠢᠲᠡᠢ ᠠᠬᠢᠭᠤᠯᠵᠤ᠂ ᠰᠤᠷᠤᠯᠭ᠎ᠠ ᠶᠢᠨ ᠲᠣᠭᠤᠷᠢᠭ ᠲᠠᠬᠢ ᠡᠯ᠎ᠡ ᠲᠥᠷᠥᠯ ᠤᠨ ᠠᠩᠭᠢ ᠳᠠᠭᠠᠵᠤ ᠰᠤᠷᠤᠯᠴᠠᠬᠤ ᠨᠥᠬᠦᠴᠡᠯ ᠳᠤ ᠨᠡᠶᠢᠴᠡᠬᠦ ᠵᠡᠮᠳᠡᠭ ᠬᠡᠦᠬᠡᠳ ᠢ ᠣᠶᠢᠷ᠎ᠠ ᠬᠠᠪᠢ ᠳᠠᠭᠠᠨ ᠠᠩᠭᠢ ᠳᠠᠭᠠᠵᠤ ᠰᠤᠷᠤᠯᠴᠠᠬᠤ ᠶᠢ ᠦᠨᠡᠨᠬᠦ ᠪᠠᠲᠣᠯᠠᠨ᠎ᠠ᠂ ᠠᠩᠭᠢ ᠳᠠᠭᠠᠵᠤ ᠰᠤᠷᠤᠯᠴᠠᠵᠤ ᠳᠡᠶᠢᠯᠬᠦ ᠦᠭᠡᠢ ᠪᠣᠯ ᠤᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠳᠤ ᠣᠴᠢᠵᠤ ᠰᠤᠷᠤᠯᠴᠠᠵᠤ ᠪᠣᠯᠣᠨ᠎ᠠ᠃ ᠰᠤᠷᠭᠠᠭᠤᠯᠢ ᠳᠤ ᠣᠴᠢᠵᠤ ᠰᠤᠷᠤᠯᠴᠠᠵᠤ ᠳᠡᠶᠢᠯᠬᠦ ᠦᠭᠡᠢ ᠬᠦᠨᠳᠦ ᠲᠠᠰ ᠤᠨ ᠵᠡᠮᠳᠡᠭ ᠬᠡᠦᠬᠡᠳ᠂ ᠪᠠᠭᠠᠴᠤᠳ ᠢ ᠰᠤᠷᠭᠠᠭᠤᠯᠢ ᠶᠢᠨ ᠬᠠᠷᠢᠶᠠᠯᠠᠯ ᠳᠤ ᠤᠷᠤᠭᠤᠯᠤᠨ ᠬᠠᠮᠢᠶᠠᠷᠤᠯᠲᠠ ᠬᠢᠵᠦ᠂ ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ ᠦᠢᠯᠡᠴᠢᠯᠡᠭᠡ ᠥᠷᠨᠢᠭᠦᠯᠦᠨ᠎ᠡ᠃ ᠣᠨᠴᠠᠭᠠᠶ ᠪᠠᠶᠢᠳᠠᠯ ᠲᠠᠢ ᠬᠡᠦᠬᠡᠳ᠂ ᠪᠠᠭᠠᠴᠤᠳ ᠢ ᠬᠠᠯᠠᠮᠵᠢᠯᠠᠨ ᠬᠠᠶᠢᠷᠠᠯᠠᠵᠤ᠂  ᠴᠠᠭ ᠲᠤᠬᠠᠢ ᠳᠤᠨᠢ ᠰᠤᠷᠭᠠᠭᠤᠯᠢ ᠳᠤ ᠣᠷᠣᠬᠤ ᠶᠢ ᠦᠨᠡᠨ ᠬᠦ ᠪᠠᠲᠤᠯᠠᠬᠤ ᠬᠡᠷᠡᠭᠲᠡᠢ᠃          8. ᠴᠡᠷᠢᠭ ᠠᠩᠭᠢ ᠶᠢ ᠲᠠᠭᠠᠵᠦ ᠢᠷᠡᠭᠰᠡᠨ ᠭᠡᠷ ᠪᠦᠯᠢ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠥᠮᠥᠰ ᠤᠨ ᠦᠷ᠎ᠡ ᠬᠡᠦᠬᠡᠳ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ᠢ ᠡᠩ ᠲᠡᠷᠢᠬᠦᠨ ᠳᠤ ᠭᠡᠷ ᠣᠶᠢᠷᠠᠯᠴᠠᠭ᠎ᠠ ᠰᠤᠷᠭᠠᠭᠤᠯᠢ ᠳᠤ ᠲᠣᠬᠢᠷᠠᠭᠤᠯᠤᠨ᠎ᠠ᠃ ᠲᠣᠰ ᠰᠤᠷᠭᠠᠭᠤᠯᠢ ᠳᠤ ᠣᠷᠣᠨ ᠲᠤᠭ᠎ᠠ ᠲᠠᠢ ᠠᠵᠢᠯ ᠤᠨ  ᠪᠠᠶᠢᠷᠢ ᠲᠠᠢ ᠪᠦᠭᠡᠳ ᠨᠢᠭᠡ ᠵᠢᠯ ᠠᠴᠠ ᠳᠡᠭᠡᠭᠰᠢ ᠠᠵᠢᠯᠯᠠᠭᠰᠠᠨ ᠪᠠᠭᠰᠢ ᠠᠵᠢᠯᠲᠠᠨ ᠤ ᠦᠷ᠎ᠡ ᠬᠡᠦᠬᠡᠳ ᠢ ᠲᠣᠰ ᠰᠤᠷᠭᠠᠭᠤᠯᠢ ᠳᠤ ᠲᠣᠬᠢᠷᠠᠭᠤᠯᠤᠨ ᠰᠤᠷᠤᠯᠴᠠᠭᠤᠯᠵᠤ ᠪᠣᠯᠣᠨ᠎ᠠ᠃         ︵ᠬᠤᠶᠠᠷ︶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ         1. ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ︵ᠥᠪᠥᠷ ᠰᠤᠷᠭᠠᠨ ᠬᠥᠮᠦᠵᠢᠯ ᠰᠠᠭᠤᠷᠢ ᠵᠠᠬᠢᠳᠠᠯ ﹇2021﹈ 13 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠪᠠ ᠲᠦᠩᠯᠢᠶᠣᠣ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ  ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ  ᠰᠤᠷᠤᠭᠴᠢ ᠡᠯᠰᠡᠬᠦ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮ ᠤᠨ ᠰᠢᠯᠭᠠᠯᠲᠠ ᠶᠢᠨ ᠬᠢᠷᠢ ᠪᠦᠲᠦᠮᠵᠢ ᠶᠢ ᠦᠨᠳᠤᠰᠤᠯᠡᠨ᠂ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠬᠢᠬᠦ ᠲᠠᠢ ᠤᠶᠠᠯᠳᠤᠭᠤᠯᠤᠭᠰᠠᠨ ᠰᠣᠷᠣᠭᠴᠢ ᠡᠯᠰᠡᠬᠦ ᠵᠠᠭᠪᠤᠷ ᠢ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ  ᠪᠠ ᠡᠯᠰᠡᠬᠦ ᠶᠢ ᠬᠡᠷᠡᠭᠵᠢᠭᠦᠯᠦᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ  ᠡᠯᠰᠡᠬᠦ ᠤᠷᠤᠨ ᠲᠤᠭ᠎ᠠ ᠶᠢᠨ 60% ᠶᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠬᠤᠪᠢᠶᠠᠷᠢᠯᠠᠬᠤ  ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠎ᠡ᠃          2. ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠭᠢᠯᠡᠭᠰᠡᠨ ᠡᠯ᠎ᠡ ᠲᠥᠷᠥᠯ ᠤᠨ ᠲᠤᠷᠰᠢᠯᠲᠠ ᠶᠢᠨ ᠠᠩᠭᠢ᠂ ᠪᠡᠶ᠎ᠡ ᠲᠠᠮᠢᠷ ᠤᠷᠠᠯᠢᠭ ᠵᠢᠴᠢ ᠪᠤᠰᠤᠳ ᠣᠨᠴᠠᠯᠢᠭᠲᠤ ᠠᠩᠭᠢ ᠵᠡᠷᠭᠡ ᠶᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠮᠡᠳᠡᠭᠦᠯᠦᠨ ᠴᠣᠬᠤᠯᠠᠪᠤᠷᠢᠯᠠᠭᠤᠯᠬᠤ ᠬᠡᠷᠡᠭᠲᠡᠢ᠂ ᠣᠳᠣᠬᠢ ᠱᠠᠲᠤᠨ ᠳᠤ  ᠣᠨᠴᠠ ᠴᠢᠳᠠᠪᠤᠷᠢᠲᠠᠢ ᠰᠣᠷᠣᠭᠴᠢ ᠡᠯᠰᠡᠬᠦ ᠬᠠᠷᠢᠴᠠᠯ ᠢ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠶᠢᠨ  5% ᠠᠴᠠ ᠬᠡᠲᠦᠷᠡᠭᠦᠯᠵᠦ ᠪᠣᠯᠬᠤ ᠦᠭᠡᠢ᠂ ᠣᠨᠴᠠ ᠴᠢᠳᠠᠪᠤᠷᠢᠲᠠᠢ ᠰᠣᠷᠣᠭᠴᠢ ᠶᠢᠨ ᠲᠤᠰᠬᠠᠢ ᠮᠡᠷᠭᠡᠵᠢᠯ ᠤᠨ ᠰᠢᠯᠭᠠᠯᠲᠠ ᠶᠢ ᠠᠩᠬ᠎ᠠ ᠳᠤᠮᠳᠠᠳᠤ ᠶᠢᠨ ᠰᠢᠯᠭᠠᠯᠲᠠ ᠳᠠᠭᠤᠰᠤᠭᠰᠠᠨ ᠤ ᠳᠠᠷᠠᠭ᠎ᠠ ᠶᠠᠪᠤᠭᠳᠠᠭᠤᠯᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠬᠢᠨ ᠠᠩᠬ᠎ᠠ ᠳᠣᠮᠳᠠᠲᠤ ᠶᠢᠨ ᠰᠣᠶᠣᠯ ᠤᠨ ᠬᠢᠴᠢᠶᠡᠯ ᠤᠨ ᠰᠢᠯᠭᠠᠯᠲᠠ ᠳᠠᠭᠤᠰᠣᠭᠰᠠᠨ ᠬᠤᠶᠠᠳᠡᠬᠢ ᠡᠳᠦᠷ ᠲᠤ ᠲᠤᠰᠬᠠᠢ ᠮᠡᠷᠭᠡᠵᠢᠯ ᠤᠨ ᠪᠠᠭᠰᠢ ᠨᠠᠷ ᠢᠶᠠᠨ ᠨᠠᠷᠢᠨ ᠬᠢᠨᠠᠮᠠᠭᠠᠢ  ᠵᠣᠬᠢᠶᠠᠨ ᠪᠠᠶᠢᠭᠤᠯᠵᠤ ᠣᠨᠴᠠ ᠴᠢᠳᠠᠪᠤᠷᠢᠲᠠᠢ ᠰᠤᠷᠤᠭᠴᠢᠳ ᠲᠤ ᠬᠢᠨᠠᠨ ᠰᠢᠯᠭᠠᠯᠲᠠ ᠬᠢᠬᠦ ᠶᠢᠨ ᠬᠠᠮᠲᠤ ᠣᠨᠴᠠ  ᠴᠢᠳᠠᠪᠤᠷᠢᠲᠠᠢ ᠰᠤᠷᠤᠭᠴᠢᠳ ᠤᠨ ᠲᠤᠰᠬᠠᠢ ᠮᠡᠷᠭᠡᠵᠢᠯ ᠤᠨ ᠬᠢᠷᠢ ᠪᠦᠲᠦᠮᠵᠢ ᠶᠢ ᠨᠡᠶᠢᠭᠡᠮ ᠨᠡᠶᠢᠲᠡ ᠳᠤ 3 ᠡᠳᠦᠷ  ᠤᠷᠢᠳᠴᠢᠯᠠᠨ ᠵᠠᠷᠯᠠᠨ ᠨᠡᠶᠢᠲᠡᠯᠡᠬᠦ ᠬᠡᠷᠡᠭᠲᠡᠢ᠃ ᠵᠠᠷᠯᠠᠨ ᠨᠡᠶᠢᠲᠡᠯᠡᠭᠰᠡᠨ ᠤ ᠳᠠᠷᠠᠭ᠎ᠠ ᠦᠭᠡᠷ᠎ᠡ ᠰᠠᠨᠠᠯ ᠦᠭᠡᠢ ᠪᠤᠯ ᠰᠣᠷᠣᠭᠴᠢ ᠡᠯᠰᠡᠬᠦ ᠰᠤᠷᠭᠠᠭᠤᠯᠢ ᠬᠢᠨ ᠤᠯᠠᠭᠠᠨ ᠲᠦᠷᠦᠭᠦᠲᠦ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠪᠣᠶ ᠪᠦᠬᠦᠢ ᠣᠨᠴᠠ ᠴᠢᠳᠠᠪᠤᠷᠢᠲᠠᠢ ᠰᠣᠷᠣᠭᠴᠢ ᠶᠢᠨ ᠲᠤᠰᠬᠠᠢ ᠮᠡᠷᠭᠡᠵᠢᠯ ᠤᠨ ᠬᠢᠷᠢ ᠪᠦᠲᠦᠮᠵᠢ ᠶᠢ ᠰᠣᠷᠣᠭᠴᠢ ᠡᠯᠰᠡᠬᠦ  ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ᠎ᠡ ︵ᠪᠣᠳᠠᠲᠠᠢ ᠪᠠᠶᠢᠳᠠᠯ ᠢ ︽ᠵᠠᠷᠤᠳ  ᠬᠤᠰᠢᠭᠤᠨ ᠤ 2023 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠨᠴᠠ ᠴᠢᠳᠠᠪᠤᠷᠢᠲᠠᠢ  ᠰᠣᠷᠣᠭᠴᠢ ᠶᠢᠨ ᠮᠡᠷᠭᠡᠵᠢᠯ ᠤᠨ ᠲᠦᠷᠤᠯ ᠤᠨ ᠰᠢᠯᠭᠠᠯᠲᠠ ᠵᠢᠴᠢ ᠡᠯᠰᠡᠬᠦ ᠠᠵᠢᠯ ᠤᠨ ᠮᠡᠳᠡᠭᠳᠡᠯ︾ ᠳᠤ ᠦᠵᠡ︶᠃  ᠰᠦᠯᠵᠢᠶ᠎ᠡ ᠲᠡᠭᠡᠷ᠎ᠡ ᠡᠯᠰᠡᠭᠳᠡᠭᠰᠡᠨ ᠦᠭᠡᠢ ᠰᠤᠷᠤᠭᠴᠢ ᠳᠤ ᠡᠯᠧᠺᠲᠷᠣᠨ ᠰᠤᠷᠭᠠᠭᠤᠯᠢ ᠶᠢᠨ ᠬᠠᠷᠢᠶᠠᠯᠠᠯ ᠪᠠᠶᠢᠭᠤᠯᠵᠤ ᠪᠣᠯᠬᠤ ᠦᠭᠡᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠬᠢᠨ ᠰᠣᠷᠣᠭᠴᠢ ᠡᠯᠰᠡᠬᠦ ᠲᠥᠯᠥᠪᠯᠡᠭᠡ ᠠᠴᠠ  ᠬᠡᠲᠦᠷᠡᠭᠦᠯᠵᠦ ᠪᠣᠯᠬᠤ ᠦᠭᠡᠢ᠃     ᠨᠠᠢᠮᠠ᠂ ᠰᠣᠷᠣᠭᠴᠢ ᠡᠯᠰᠡᠬᠦ ᠶᠠᠪᠤᠴᠠ ᠪᠠ ᠭᠡᠷᠡᠴᠢ ᠮᠠᠲ᠋ᠧᠷᠢᠶᠠᠯ ᠬᠢᠨᠠᠨ ᠰᠢᠯᠭᠠᠬᠤ    ︵ᠨᠢᠭᠡ︶ ᠰᠣᠷᠣᠭᠴᠢ ᠡᠯᠰᠡᠬᠦ ᠴᠤᠪᠤᠷᠠᠯ ᠢ ᠴᠢᠩᠳᠠᠯᠠᠨ᠎ᠠ        1. ᠢᠯᠡ ᠪᠠᠷ ᠰᠣᠷᠣᠭᠴᠢ ᠡᠯᠰᠡᠬᠦ ᠶᠠᠪᠤᠴᠠ ᠳᠤ ᠭᠤᠣᠯᠳᠠᠭᠤ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ᠂  ᠮᠡᠳᠡᠭᠡ ᠵᠠᠩᠭᠢ ᠨᠡᠶᠢᠲᠡᠯᠡᠬᠦ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠮᠠᠲ᠋ᠧᠷᠢᠶᠠᠯ ᠢ ᠬᠢᠨᠠᠨ ᠰᠢᠯᠭᠠᠬᠤ᠂ ᠬᠥᠮᠥᠨ ᠤ  ᠲᠤᠭ᠎ᠠ ᠶᠢ ᠬᠢᠨᠠᠨ ᠲᠣᠭᠲᠠᠭᠠᠬᠤ᠂ ᠲᠥᠷᠥᠯ ᠬᠤᠪᠢᠶᠠᠨ ᠡᠯᠰᠡᠬᠦ᠂ ᠲᠣᠬᠢᠷᠠᠭᠤᠯᠤᠨ ᠰᠤᠷᠬᠤ ᠪᠠᠶᠢᠷᠢ ᠲᠣᠮᠢᠯᠠᠬᠤ᠂  ᠦᠷ᠎ᠡ ᠳ᠋ᠦᠩ ᠢ ᠢᠯᠡ ᠨᠡᠶᠢᠲᠡᠯᠡᠬᠦ᠂ ᠢᠯᠡ ᠪᠠᠷ ᠠᠩᠭᠢ ᠬᠤᠪᠢᠶᠠᠬᠤ ᠵᠡᠷᠭᠡ ᠭᠤᠭᠴᠤᠭ᠎ᠠ ᠪᠠᠭᠲᠠᠨ᠎ᠠ᠃ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠬᠢᠨ ᠰᠣᠷᠣᠭᠴᠢ ᠡᠯᠰᠡᠬᠦ ᠠᠵᠢᠯ ᠤᠨ ᠴᠠᠭ ᠤᠨ ᠬᠢᠵᠠᠭᠠᠷ ᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃         2. ᠰᠣᠷᠣᠭᠴᠢ ᠡᠯᠰᠡᠬᠦ ᠠᠵᠢᠯ ᠤᠨ ᠪᠣᠳᠠᠲᠠᠢ ᠮᠡᠳᠡᠭᠡ ᠵᠠᠩᠭᠢ ᠶᠢ ᠬᠤᠰᠢᠭᠤᠨ ᠤ ᠳᠤᠮᠳᠠᠳᠤ ᠪᠠᠭ᠎ᠠ  ᠰᠤᠷᠭᠠᠭᠤᠯᠢ ᠶᠢᠨ ᠢᠯᠡ ᠪᠠᠷ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠴᠢ ᠡᠯ᠎ᠡ ᠰᠤᠷᠭᠠᠭᠤᠯᠢ ᠬᠢᠨ ᠡᠯ᠎ᠡ ᠵᠦᠢᠯ ᠤᠨ ᠤᠬᠠᠭᠤᠯᠭ᠎ᠠ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ ᠮᠡᠳᠡᠭᠳᠡᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠨᠡᠨᠬᠦ ᠪᠣᠳᠠᠲᠠᠶᠢᠵᠢᠭᠤᠯᠬᠤ ᠶᠢ ᠪᠠᠲᠤᠯᠠᠨ᠎ᠠ᠃ ᠡᠭᠦᠨ ᠤ ᠵᠡᠷᠭᠡᠪᠡᠷ᠂  ᠭᠤᠭᠴᠤᠭ᠎ᠠ ᠨᠢᠭᠡᠪᠦᠷᠢ ᠶᠢᠨ ᠪᠣᠳᠠᠲᠠᠢ ᠠᠵᠢᠯ ᠢ ᠨᠠᠶᠢᠳᠠᠪᠤᠷᠢᠵᠢᠭᠤᠯᠬᠤ ᠳᠤ ᠰᠠᠬᠢᠯᠭ᠎ᠠ ᠪᠠᠲᠤ ᠶᠢ ᠴᠢᠩᠳᠠᠯᠠᠬᠤ᠂ ᠠᠯᠬᠤᠮ ᠳᠠᠷᠠᠭ᠎ᠠ ᠶᠢ ᠴᠢᠩᠳᠠᠯᠠᠬᠤ ᠣᠪᠣᠷ ᠢᠶᠠᠷ ᠰᠣᠷᠣᠭᠴᠢ ᠡᠯᠰᠡᠬᠦ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ  ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠣᠷᠣᠭᠴᠢ ᠶᠢᠨ ᠲᠣᠰ ᠬᠥᠮᠥᠨ ᠵᠢᠴᠢ ᠬᠢᠨᠠᠨ ᠬᠠᠮᠠᠭᠠᠯᠠᠭᠴᠢ ᠨᠢ ᠰᠣᠷᠣᠭᠴᠢ ᠡᠯᠰᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠠᠩᠬᠠᠷᠴᠤ᠂ ᠰᠤᠷᠭᠠᠭᠤᠯᠢ ᠲᠠᠢ ᠨᠢᠭᠲᠠ ᠬᠠᠮᠵᠢᠯᠴᠠᠨ᠂  ᠰᠣᠷᠣᠭᠴᠢ ᠡᠯᠰᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃            3. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠢᠨ  ᠶᠠᠮᠠᠷᠪᠠ ᠰᠢᠯᠳᠠᠭ ᠢᠶᠠᠷ ᠭᠤᠣᠯᠳᠠᠯᠭ᠎ᠠ ᠲᠠᠢ ᠠᠩᠭᠢ᠂ ᠲᠦᠷᠭᠡᠨ ᠤᠳᠠᠭᠠᠨ ᠠᠩᠭᠢ ᠭᠡᠵᠦ  ᠭᠠᠷᠭᠠᠵᠤ ᠪᠣᠯᠬᠤ ᠦᠭᠡᠢ᠂ ᠳᠤᠮᠳᠠᠳᠤ ᠪᠠᠭ᠎ᠠ ᠰᠤᠷᠭᠠᠭᠤᠯᠢ ᠶᠢᠨ ᠡᠬᠢᠨ ᠤ ᠣᠨ ᠳᠤ ᠤᠯᠤᠰ ᠤᠨ ᠲᠣᠭᠲᠠᠭᠠᠭᠰᠠᠨ ᠠᠩᠭᠢ ᠲᠤᠭ᠎ᠠ ᠪᠠᠷᠢᠮᠵᠢᠶ᠎ᠠ   ᠠᠴᠠ ᠬᠡᠲᠦᠷᠡᠭᠦᠯᠬᠦ ᠦᠭᠡᠢ ᠪᠠᠷ ᠰᠣᠷᠣᠭᠴᠢ ᠡᠯᠰᠡᠵᠦ᠂ ᠲᠦᠩᠯᠢᠶᠣᠣ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠲᠠᠰ ᠳᠠᠷᠠᠭᠠᠯᠠᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠢᠯᠡ ᠪᠠᠷ ᠠᠩᠭᠢ ᠬᠤᠪᠢᠶᠠᠬᠤ ᠶᠢ ᠦᠷᠭᠦᠯᠵᠢᠯᠡᠨ  ᠬᠡᠷᠡᠭᠵᠢᠭᠦᠯᠦᠨ᠎ᠡ᠃     ︵ᠬᠤᠶᠠᠷ︶  ᠭᠡᠷᠡᠴᠢ ᠮᠠᠲ᠋ᠧᠷᠢᠶᠠᠯ ᠢ ᠬᠢᠨᠠᠨ ᠰᠢᠯᠭᠠᠬᠤ ᠶᠢ ᠴᠢᠩᠳᠠᠯᠠᠬᠤ ᠬᠡᠷᠡᠭᠲᠡᠢ        1. ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ ᠠᠵᠢᠯ᠃ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ  ᠠᠵᠢᠯ ᠢ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠢᠯᠡ ᠪᠠᠷ ᠰᠣᠷᠣᠭᠴᠢ ᠡᠯᠰᠡᠬᠦ ᠠᠵᠢᠯ ᠤᠨ  ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠵᠢᠯᠣᠭᠤᠳᠤᠯᠭ᠎ᠠ ᠳᠣᠣᠷ᠎ᠠ ᠰᠣᠷᠣᠭᠴᠢ ᠡᠯᠰᠡᠬᠦ ᠰᠤᠷᠭᠠᠭᠤᠯᠢ ᠠᠴᠠ  ᠬᠠᠷᠢᠭᠤᠴᠠᠨ᠎ᠠ᠃ ᠰᠣᠷᠣᠭᠴᠢ ᠡᠯᠰᠡᠬᠦ ᠰᠤᠷᠭᠠᠭᠤᠯᠢ ᠪᠣᠯ ᠰᠣᠷᠣᠭᠴᠢ ᠡᠯᠰᠡᠬᠦ ᠠᠵᠢᠯ ᠤᠨ ᠭᠤᠣᠯ ᠴᠣᠭᠴᠠᠲᠤ ᠨᠢᠭᠡᠴᠡ  ᠪᠠᠶᠢᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠮᠠᠲ᠋ᠧᠷᠢᠶᠠᠯ ᠢ  ᠴᠤᠭᠯᠠᠭᠤᠯᠤᠨ ᠡᠮᠬᠢᠳᠬᠡᠬᠦ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠵᠢᠯᠴᠠᠨ  ᠰᠦᠯᠵᠢᠶᠡᠨ ᠠᠴᠠ ᠭᠠᠳᠠᠭᠤᠷ ᠬᠢᠨᠠᠨ ᠰᠢᠯᠭᠠᠬᠤ ᠪᠠ ᠡᠯᠰᠡᠬᠦ ᠵᠡᠷᠭᠡ ᠠᠵᠢᠯ ᠥᠷᠨᠢᠭᠦᠯᠬᠦ ᠶᠢ ᠬᠠᠷᠢᠭᠤᠴᠠᠨ᠎ᠠ᠃ ᠰᠤᠷᠭᠠᠭᠤᠯᠢ ᠠᠴᠠ ᠲᠤᠰᠬᠠᠢ ᠬᠥᠮᠥᠨ ᠲᠣᠮᠢᠯᠠᠵᠤ ᠵᠠᠬᠢᠳᠠᠯ ᠰᠣᠷᠪᠤᠯᠵᠢᠯᠠᠭ᠎ᠠ ᠬᠢᠬᠦ ᠪᠠᠷ ᠢᠷᠡᠭᠰᠡᠨ ᠭᠡᠷ ᠤᠨ  ᠠᠬᠠᠮᠠᠳ ᠢ ᠭᠥᠯᠢᠶᠡᠨ ᠠᠪᠴᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ  ᠡᠯ᠎ᠡ ᠵᠦᠢᠯ ᠤᠨ ᠠᠰᠠᠭᠤᠳᠠᠯ ᠢ ᠴᠠᠭ ᠲᠤᠬᠠᠢ ᠳᠤᠨᠢ ᠬᠤᠷᠢᠶᠠᠩᠭᠤᠶᠢᠯᠠᠵᠤ᠂ ᠪᠣᠶ ᠪᠦᠬᠦᠢ ᠠᠰᠠᠭᠤᠳᠠᠯ ᠢ  ᠬᠤᠷᠢᠶᠠᠩᠭᠤᠶᠢᠯᠠᠭᠰᠠᠨ ᠤ ᠳᠠᠷᠠᠭ᠎ᠠ ᠰᠤᠷᠭᠠᠭᠤᠯᠢ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠢᠯᠡ ᠪᠠᠷ ᠰᠣᠷᠣᠭᠴᠢ  ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠰᠤᠳᠤᠯᠤᠭᠰᠠᠨ ᠤ ᠳᠠᠷᠠᠭ᠎ᠠ ᠭᠡᠷ ᠤᠨ  ᠠᠬᠠᠮᠠᠳ ᠲᠤ ᠬᠠᠷᠢᠭᠤ ᠦᠭᠬᠦᠨ᠎ᠡ᠂ ᠬᠠᠷᠢᠭᠤᠯᠵᠤ ᠳᠡᠶᠢᠯᠬᠦ ᠦᠭᠡᠢ ᠠᠰᠠᠭᠤᠳᠠᠯ ᠢ ᠴᠠᠭ ᠲᠤᠬᠠᠢ  ᠳᠤᠨᠢ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠢᠯᠡ ᠪᠠᠷ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠵᠦ ᠰᠤᠳᠤᠯᠤᠨ ᠰᠢᠢᠳᠪᠦᠷᠢᠯᠡᠭᠦᠯᠦᠨ᠎ᠡ᠃ ᠤᠴᠢᠷ ᠶᠠᠪᠤᠳᠠᠯ ᠢ  ᠲᠤᠳᠤᠷᠬᠠᠢ ᠮᠡᠳᠡᠬᠦ ᠦᠭᠡᠢ ᠭᠡᠷ ᠤᠨ ᠠᠬᠠᠮᠠᠳ ᠪᠠᠶᠢᠪᠠᠯ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠰᠤᠷᠭᠠᠭᠤᠯᠢ ᠳᠤ ᠪᠠᠨ ᠣᠴᠢᠵᠤ ᠠᠰᠠᠭᠤᠨ ᠯᠠᠪᠯᠠᠵᠤ ᠪᠤᠯᠤᠨ᠎ᠠ᠂ ᠰᠤᠷᠭᠠᠭᠤᠯᠢ ᠠᠴᠠ ᠨᠢᠭᠡᠳᠦᠯᠲᠡᠢ ᠬᠤᠷᠢᠶᠠᠩᠭᠤᠶᠢᠯᠠᠨ ᠳᠡᠭᠡᠭᠰᠢ  ᠮᠡᠳᠡᠭᠦᠯᠤᠨ᠎ᠡ᠃ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ ᠵᠢᠴᠢ ᠶᠣᠰᠣ ᠪᠤᠰᠤ ᠪᠠᠷ ᠠᠭᠠᠰᠢᠯᠠᠨ ᠰᠣᠷᠣᠭᠴᠢ  ᠡᠯᠰᠡᠬᠦ ᠡᠮᠬᠢ ᠵᠢᠷᠤᠮ ᠢ ᠨᠥᠯᠥᠭᠡᠯᠡᠭᠰᠡᠳ ᠢ ᠴᠢᠩᠭ᠎ᠠ ᠰᠢᠢᠳᠭᠡᠨ᠎ᠡ᠃     2. ᠰᠦᠯᠵᠢᠶᠡᠨ ᠠᠴᠠ ᠭᠠᠳᠠᠨ᠎ᠠ ᠬᠢᠨᠠᠨ ᠰᠢᠯᠭᠠᠬᠤ ᠠᠵᠢᠯ᠃ ᠰᠦᠯᠵᠢᠶᠡᠨ ᠭᠠᠳᠠᠨ᠎ᠠ ᠬᠢᠨᠠᠨ ᠰᠢᠯᠭᠠᠬᠤ ᠠᠵᠢᠯ   ᠢ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠢᠯᠡ ᠪᠠᠷ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠤᠳᠤᠷᠢᠳᠤᠯᠭ᠎ᠠ ᠳᠣᠣᠷ᠎ᠠ ᠰᠤᠷᠭᠠᠨ ᠬᠥᠮᠦᠵᠢᠯ ᠪᠡᠶ᠎ᠡ ᠲᠠᠮᠢᠷ᠂ ᠳᠣᠲᠣᠭᠠᠳᠤ ᠶᠢ  ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠦᠲᠦᠭᠡᠨ  ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ︵ᠥᠯᠥ ᠬᠥᠳᠡᠯᠬᠦ ᠬᠥᠷᠥᠩᠭᠡ︶᠂ ᠵᠠᠬ᠎ᠠ ᠳᠡᠯᠭᠡᠭᠦᠷ ᠤᠨ ᠬᠢᠨᠠᠯᠲᠠ  ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠ ᠰᠤᠮᠤ ᠪᠠᠯᠭᠠᠰᠤ ᠲᠠᠯᠠᠪᠠᠶ᠂  ᠵᠡᠭᠡᠯᠢ ᠭᠤᠳᠤᠮᠵᠢ ᠶᠢᠨ ᠬᠢᠨ ᠰᠤᠷᠤᠭᠴᠢᠳ ᠤᠨ ᠬᠠᠩᠭᠠᠭᠰᠠᠨ ᠭᠡᠷ ᠬᠥᠷᠥᠩᠭᠡ ᠶᠢᠨ ᠦᠨᠡᠮᠯᠡᠯ ︵ᠪᠤᠶᠤ ᠭᠡᠷ  ᠬᠥᠷᠥᠩᠭᠡ ᠶᠢᠨ ᠭᠠᠵᠠᠷ ᠲᠤ ᠳᠠᠩᠰᠠᠯᠠᠭᠤᠯᠤᠭᠰᠠᠨ ᠭᠡᠷ ᠪᠠᠶᠢᠰᠢᠩ ᠬᠤᠳᠠᠯᠳᠤᠨ ᠠᠪᠣᠭᠰᠠᠨ ᠭᠡᠷ᠎ᠡ︶᠂ ᠡᠷᠦᠬᠡ  ᠠᠮᠠ ᠶᠢᠨ ᠳᠡᠪᠲᠡᠷ ᠪᠠ ᠣᠷᠣᠰᠢᠨ ᠰᠠᠭᠤᠭᠰᠠᠨ ᠭᠡᠷᠡᠴᠢ ᠵᠡᠷᠭᠡ ᠳᠤ ᠰᠦᠯᠵᠢᠶᠡᠨ ᠭᠠᠳᠠᠨ᠎ᠠ ᠬᠢᠨᠠᠨ ᠰᠢᠯᠭᠠᠯᠲᠠ ᠬᠢᠨ᠎ᠡ  ᠃          3. ︽ᠬᠡᠨ ᠬᠢᠨᠠᠨ ᠬᠠᠷᠭᠤᠭᠤᠯᠪᠠᠯ ᠬᠡᠨ ᠬᠠᠷᠢᠭᠤᠴᠠᠬᠤ᠂ ᠬᠡᠨ ᠭᠠᠷ ᠤᠨ ᠥᠰᠥᠭ ᠵᠢᠷᠤᠪᠠᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠨ᠂ ᠭᠡᠷᠡᠴᠢ ᠮᠠᠲ᠋ᠧᠷᠢᠶᠠᠯ ᠤᠨ ᠦᠨᠡᠨ ᠪᠣᠳᠠᠲᠠᠢ ᠪᠥᠭᠡᠳ ᠬᠦᠴᠦᠨ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠵᠢᠯ ᠢᠶᠠᠨ ᠬᠢᠨᠠᠮᠠᠭᠠᠢ ᠬᠠᠷᠢᠭᠤᠴᠠᠬᠤ ᠦᠭᠡᠢ᠂ ᠠᠷᠭ᠎ᠠ ᠵᠠᠯᠢ ᠬᠡᠷᠡᠭᠯᠡᠨ ᠬᠤᠪᠢ  ᠶᠢᠨ ᠠᠰᠢᠭ ᠬᠦᠭᠡᠭᠡᠴᠡᠯᠳᠤᠬᠦ ᠦᠵᠡᠭᠳᠡᠯ ᠭᠠᠷᠪᠠᠯ ᠴᠢᠩᠭ᠎ᠠ  ᠰᠢᠢᠳᠭᠡᠨ᠎ᠡ᠃ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ ᠪᠠᠶᠢᠪᠠᠯ ᠬᠠᠮᠢᠶ᠎ᠠ ᠪᠦᠬᠦᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠵᠦ᠂ ᠦᠢᠯᠡ ᠪᠠᠶᠢᠳᠠᠯ  ᠨᠢ ᠬᠦᠨᠳᠦ  ᠨᠣᠴᠢᠲᠠᠢ ᠪᠠᠶᠢᠪᠠᠯ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃ ᠶᠢᠰᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤᠨ ᠠᠷᠠᠳ ᠤᠨ  ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤᠨ  ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠰᠤᠷᠭᠠᠨ ᠬᠥᠮᠦᠵᠢᠯ ᠪᠡᠶ᠎ᠡ ᠲᠠᠮᠢᠷ᠂ ᠳᠣᠲᠣᠭᠠᠳᠤ ᠶᠢ  ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠦᠲᠦᠭᠡᠨ  ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠠᠮ  ᠵᠠᠭᠤᠴᠢᠯᠠᠭᠤᠷ ᠤᠨ ᠲᠥᠪ᠂ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠵᠡᠷᠭᠡ ᠬᠠᠮᠢᠶ᠎ᠠ ᠪᠦᠬᠦᠢ ᠭᠠᠵᠠᠷ ᠣᠷᠣᠨ ᠪᠠ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ  ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠢᠯᠡ ᠪᠠᠷ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠎ᠠ᠂ ᠰᠣᠷᠣᠭᠴᠢ ᠡᠯᠰᠡᠬᠦ ᠠᠵᠢᠯ ᠢ ᠤᠳᠤᠷᠢᠳᠬᠤ ᠳᠤᠭᠤᠶᠢᠯᠠᠩ ᠤᠨ ᠰᠢᠭᠤᠳ  ᠤᠳᠤᠷᠢᠳᠤᠯᠭ᠎ᠠ ᠳᠣᠣᠷ᠎ᠠ ᠥᠷᠨᠢᠭᠦᠯᠵᠦ᠂ ᠴᠢᠬᠤᠯᠠ ᠶᠡᠭᠡ ᠠᠰᠠᠭᠤᠳᠠᠯ ᠢ ᠤᠳᠤᠷᠢᠳᠬᠤ ᠳᠤᠭᠤᠶᠢᠯᠠᠩ ᠠᠴᠠ ᠬᠠᠮᠲᠤ ᠪᠠᠷ ᠶᠠᠷᠢᠯᠴᠠᠨ ᠲᠣᠭᠲᠠᠭᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠳᠤ ᠲᠣᠬᠢᠷᠠᠭᠤᠯᠤᠨ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠢᠯᠡ ᠪᠠᠷ ᠰᠣᠷᠣᠭᠴᠢ ᠡᠯᠰᠡᠬᠦ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠡᠯ᠎ᠡ ᠪᠦᠷᠢᠯᠳᠦᠭᠦᠨ ᠨᠢᠭᠡᠴᠡ ᠬᠢᠨ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠠᠵᠢᠯᠲᠠᠨ ᠢ ᠰᠣᠩᠭᠤᠨ ᠲᠣᠮᠢᠯᠠᠵᠤ᠂ ᠬᠠᠮᠢᠶ᠎ᠠ ᠪᠦᠬᠦᠢ ᠠᠵᠢᠯ ᠢ ᠵᠣᠯᠭᠠᠭᠤᠯᠬᠤ  ᠬᠡᠷᠡᠭᠲᠡᠢ᠃      ︵ᠬᠤᠶᠠᠷ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠰᠣᠷᠣᠭᠴᠢ ᠡᠯᠰᠡᠬᠦ ᠲᠥᠰᠥᠯ ᠢᠶᠠᠨ  ᠣᠯᠠᠨ ᠵᠦᠢᠯ ᠤᠨ ᠠᠷᠭ᠎ᠠ ᠮᠠᠶ᠋ᠢᠭ ᠢᠶᠠᠷ ᠴᠠᠭ ᠲᠤᠬᠠᠢ ᠳᠤᠨᠢ ᠨᠡᠶᠢᠲᠡᠯᠡᠬᠦ ᠬᠡᠷᠡᠭᠲᠡᠢ᠃ ᠬᠤᠰᠢᠭᠤᠨ ᠤ ᠨᠠᠮ ᠤᠨ  ᠬᠤᠷᠢᠶᠠᠨ ᠤ ᠤᠬᠠᠭᠤᠯᠬᠤ ᠬᠡᠯᠲᠡᠰ ᠪᠣᠯᠣᠨ ᠬᠠᠮ ᠵᠠᠭᠤᠴᠢᠯᠠᠭᠤᠷ ᠤᠨ ᠲᠥᠪ ᠤᠨ ᠬᠢᠨ ᠰᠣᠷᠣᠭᠴᠢ ᠡᠯᠰᠡᠬᠦ  ᠲᠥᠰᠥᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠥᠮᠥᠨ ᠪᠦᠬᠦᠨ ᠳᠤ ᠮᠡᠳᠡᠭᠦᠯᠬᠦ ᠬᠡᠷᠡᠭᠲᠡᠢ᠃ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠬᠢᠨ ᠠᠯᠪᠠᠨ ᠤ ᠨᠡᠶᠢᠲᠡ ᠶᠢᠨ ᠳ᠋ᠤᠭᠠᠷ᠂ ᠸᠢᠴᠠᠲ  ᠪᠦᠯᠦᠭ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠠᠯᠪᠠᠨ ᠵᠠᠷ ᠨᠠᠭᠠᠬᠤ᠂ ᠭᠡᠷ ᠤᠨ  ᠠᠬᠠᠮᠠᠳ ᠲᠤ ᠢᠯᠡᠭᠡᠭᠰᠡᠨ ᠵᠠᠬᠢᠳᠠᠯ᠂ ᠠᠩᠭᠢ ᠶᠢᠨ ᠸᠢᠴᠠᠲ ᠪᠦᠯᠦᠭ᠂ ᠰᠤᠷᠭᠠᠭᠤᠯᠢ ᠶᠢᠨ ᠮᠡᠳᠡᠭᠡ ᠵᠠᠩᠭᠢ ᠶᠢᠨ  ᠬᠤᠯᠪᠣᠭ᠎ᠠ ᠵᠡᠷᠭᠡ ᠠᠷᠭ᠎ᠠ ᠬᠡᠯᠪᠡᠷᠢ ᠪᠠᠷ ᠳᠠᠮᠵᠢᠨ ᠭᠡᠷ ᠤᠨ ᠠᠬᠠᠮᠠᠳ ᠲᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠪᠥᠬᠦ  ᠲᠠᠯ᠎ᠠ ᠪᠠᠷ ᠮᠡᠳᠡᠭᠳᠡᠵᠦ᠂ ᠥᠷᠭᠡᠨ ᠣᠯᠠᠨ ᠭᠡᠷ ᠤᠨ ᠠᠬᠠᠮᠠᠳ ᠲᠤ ᠰᠤᠷᠭᠠᠭᠤᠯᠢ ᠶᠢᠨ ᠰᠣᠷᠣᠭᠴᠢ ᠡᠯᠰᠡᠬᠦ  ᠲᠥᠷᠥ ᠶᠢᠨ ᠪᠣᠳᠣᠯᠭ᠎ᠠ᠂ ᠰᠣᠷᠣᠭᠴᠢ ᠡᠯᠰᠡᠬᠦ ᠲᠥᠯᠥᠪᠯᠡᠭᠡ ᠲᠤᠭ᠎ᠠ᠂ ᠰᠣᠷᠣᠭᠴᠢ ᠡᠯᠰᠡᠬᠦ ᠠᠷᠭ᠎ᠠ ᠵᠡᠷᠭᠡ  ᠬᠠᠮᠢᠶ᠎ᠠ ᠪᠦᠬᠦᠢ ᠮᠡᠳᠡᠭᠡ ᠵᠠᠩᠭᠢ ᠶᠢ ᠮᠡᠳᠡᠭᠦᠯᠦᠨ᠎ᠡ᠃          ︵ᠭᠤᠷᠪᠠ︶ ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ᠂ ᠡᠯ᠎ᠡ ᠰᠤᠷᠭᠠᠭᠤᠯᠢ ᠨᠤᠭᠤᠳ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ ᠴᠢᠩᠭ᠎ᠠ  ᠬᠡᠷᠡᠭᠵᠢᠭᠦᠯᠵᠦ᠂ ᠮᠠᠨ ᠤ ᠬᠤᠰᠢᠭᠤᠨ ᠤ ᠰᠣᠷᠣᠭᠴᠢ ᠡᠯᠰᠡᠬᠦ ᠡᠮᠬᠢ ᠳᠢᠭᠯᠢᠮ ᠢ ᠬᠠᠮᠲᠤ ᠪᠠᠷ ᠬᠠᠮᠠᠭᠠᠯᠠᠬᠤ ᠬᠡᠷᠡᠭᠲᠡᠢ᠃  ᠡᠷᠦᠬᠡ ᠠᠮᠠ ᠶᠢᠨ ᠲᠠᠩᠰᠠ᠂ ᠭᠡᠷ ᠬᠥᠷᠥᠩᠭᠡ᠂ ᠪᠣᠳᠠᠲᠠᠢ ᠣᠷᠣᠰᠢᠨ ᠰᠠᠭᠤᠵᠤ ᠪᠠᠶᠢᠭ᠎ᠠ ᠵᠡᠷᠭᠡ ᠮᠡᠳᠡᠭᠡ ᠵᠠᠩᠭᠢ ᠶᠢ  ᠬᠢᠨᠠᠨ ᠰᠢᠯᠭᠠᠬᠤ ᠪᠣᠭᠤᠮᠲᠠ ᠶᠢ ᠴᠢᠩᠭ᠎ᠠ ᠠᠳᠬᠤᠵᠤ᠂ ᠰᠣᠷᠣᠭᠴᠢ ᠡᠯᠰᠡᠬᠦ ᠡᠮᠬᠢ ᠵᠢᠷᠤᠮ᠂ ᠠᠩᠭᠢ ᠬᠤᠪᠢᠶᠠᠬᠤ ᠳᠦᠷᠢᠮ ᠢ ᠰᠠᠮᠠᠭᠤᠷᠠᠭᠤᠯᠤᠭᠰᠠᠨ ᠪᠤᠶᠤ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠳ ᠢ ᠣᠯᠵᠤ  ᠮᠡᠳᠡᠪᠡᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠥᠰ ᠢ ᠴᠢᠩᠭ᠎ᠠ ᠰᠢᠢᠳᠭᠡᠬᠦ ᠬᠡᠷᠡᠭᠲᠡᠢ᠃ ᠡᠭᠦᠨ ᠤ ᠵᠡᠷᠭᠡᠴᠡᠭᠡᠪᠡᠷ ᠪᠦᠬᠦ ᠨᠡᠶᠢᠭᠡᠮ ᠳᠤ ᠬᠢᠨᠠᠯᠲᠠ ᠲᠠᠯᠪᠢᠬᠤ ᠢᠯᠡᠴᠢᠯᠡᠨ ᠮᠡᠳᠡᠭᠦᠯᠬᠦ ᠳ᠋ᠢᠶᠠᠩᠬᠤᠸᠠ  ᠨᠡᠶᠢᠲᠡᠯᠡᠵᠦ ᠂ ᠥᠷᠭᠡᠨ ᠤᠯᠠᠨ ᠲᠦᠮᠡᠨ ᠤ ᠬᠢᠨᠠᠯᠲᠠ ᠶᠢ ᠬᠦᠯᠢᠶᠡᠬᠦ ᠬᠡᠷᠡᠭᠳᠠᠢ᠃ ᠬᠢᠨᠠᠯᠲᠠ ᠲᠠᠯᠪᠢᠵᠤ ᠢᠯᠡᠴᠢᠯᠡᠨ  ᠮᠡᠳᠡᠭᠦᠯᠬᠦ ᠤᠲᠠᠰᠤ᠄ 0475 ︱ 7222005᠃     ︵ᠳᠥᠷᠪᠡ︶ ᠬᠢᠵᠢᠭ ᠢ ᠰᠡᠷᠭᠡᠶᠢᠯᠡᠨ ᠡᠵᠡᠮᠳᠡᠬᠦ ᠶᠢ ᠴᠢᠩᠳᠠᠯᠠᠨ᠎ᠠ᠃ ᠵᠠᠷᠤᠳ ᠬᠤᠰᠢᠭᠤᠨ ᠤ ᠪᠠᠶᠢᠩᠭᠤᠵᠢᠭᠰᠠᠨ ᠬᠢᠵᠢᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠳᠠᠯᠠᠵᠤ᠂ ᠰᠣᠷᠣᠭᠴᠢ ᠡᠯᠰᠡᠬᠦ ᠠᠵᠢᠯ ᠢ ᠡᠮᠬᠢ ᠵᠢᠷᠤᠮ ᠲᠠᠢ ᠥᠷᠨᠢᠭᠦᠯᠦᠨ᠂ ᠬᠦᠮᠦᠰ ᠬᠡᠲᠦ ᠲᠥᠪᠯᠡᠷᠡᠬᠦ ᠠᠴᠠ ᠵᠠᠶᠢᠯᠠᠰᠬᠢᠵᠦ᠂ ᠪᠦᠬᠦᠶᠢᠯᠡ ᠰᠣᠷᠣᠭᠴᠢ ᠡᠯᠰᠡᠬᠦ ᠠᠵᠢᠯ ᠢ ᠬᠢᠵᠢᠭ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠪᠠᠶᠢᠳᠠᠯ ᠳᠣᠣᠷ᠎ᠠ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃    ᠠᠷᠪᠠ᠂ ᠬᠠᠮᠢᠶ᠎ᠠ ᠪᠦᠬᠦᠢ ᠱᠠᠭᠠᠷᠳᠠᠯᠭ᠎ᠠ    ︵ᠨᠢᠭᠡ︶ ᠭᠡᠷ ᠬᠥᠷᠥᠩᠭᠡ ᠶᠢᠨ ᠦᠨᠡᠮᠯᠡᠯ ᠪᠠ ᠡᠷᠦᠬᠡ ᠠᠮᠠ ᠶᠢᠨ ᠲᠠᠩᠰᠠ ᠶᠢ ᠣᠯᠣᠭᠰᠠᠨ ᠴᠠᠭ ᠤᠨ ᠬᠢᠵᠠᠭᠠᠷ ᠱᠠᠭᠠᠷᠳᠠᠯᠭ᠎ᠠ᠄ 2023 ᠣᠨ ᠤ 6 ᠰᠠᠷ᠎ᠠ ᠶᠢᠨ 30 ᠤ ᠡᠳᠦᠷ ᠪᠣᠯᠲᠠᠯ᠎ᠠ ᠭᠡᠷ ᠬᠥᠷᠥᠩᠭᠡ ᠶᠢᠨ ᠦᠨᠡᠮᠯᠡᠯ ᠨᠢ ᠪᠦᠬᠦᠯᠢ ᠨᠢᠭᠡ ᠵᠢᠯ ᠪᠣᠯᠤᠭᠰᠠᠨ ᠪᠤᠶᠤ ᠭᠡᠷ ᠪᠠᠶᠢᠰᠢᠩ ᠤᠨ ᠬᠠᠮᠢᠶᠠᠷᠤᠯᠲᠠ ᠶᠢᠨ ᠭᠠᠵᠠᠷ ᠲᠤ ᠳᠠᠩᠰᠠᠯᠠᠭᠤᠯᠤᠭᠰᠠᠨ ︵ᠳᠠᠩᠰᠠᠯᠠᠭᠤᠯᠤᠭᠰᠠᠨ ᠴᠠᠭ ᠢᠶᠠᠷ ᠪᠠᠷᠢᠮᠵᠢᠶ᠎ᠠ ᠪᠣᠯᠭᠠᠨ᠎ᠠ︶ ᠭᠡᠷ ᠬᠤᠳᠠᠯᠳᠤᠨ ᠠᠪᠬᠤ ᠭᠡᠷ᠎ᠡ ᠨᠢ ᠪᠦᠬᠦᠯᠢ ᠨᠢᠭᠡ ᠵᠢᠯ ᠪᠣᠯᠣᠭᠰᠠᠨ᠂ ᠭᠡᠷ ᠬᠥᠷᠥᠩᠭᠡ ᠶᠢᠨ ᠭᠡᠷᠡᠴᠢᠯᠡᠯ ᠳᠤ ᠥᠮᠴᠢᠯᠡᠯ ᠤᠨ ᠡᠷᠬᠡᠲᠦ ᠬᠥᠮᠥᠨ ᠤ ᠥᠮᠴᠢᠯᠡᠯ ᠤᠨ ᠡᠷᠬᠡ ᠶᠢᠨ ᠬᠠᠷᠢᠴᠠᠯ ᠨᠢ 50% ᠠᠴᠠ ᠳᠡᠭᠡᠭᠰᠢ ᠪᠠᠶᠢᠬᠤ᠃ ᠭᠡᠷ ᠬᠥᠷᠥᠩᠭᠡ ᠶᠢᠨ ᠮᠡᠳᠡᠭᠡ ᠵᠠᠩᠭᠢ ᠦᠭᠡᠢ ᠪᠣᠯ ᠡᠷᠦᠬᠡ ᠠᠮᠠ ᠶᠢᠨ ᠳᠠᠩᠰᠠ ᠨᠢ ᠡᠷᠬᠡᠪᠰᠢ ᠪᠦᠬᠦᠯᠢ ᠬᠤᠶᠠᠷ ᠵᠢᠯ ᠠᠴᠠ ᠳᠡᠭᠡᠭᠰᠢ ᠪᠠᠶᠢᠬᠤ ᠶᠢ ᠱᠠᠭᠠᠷᠳᠠᠨ᠎ᠠ᠃ ᠡᠷᠦᠬᠡ ᠠᠮᠠ ᠶᠢᠨ ᠳᠠᠩᠰᠠ ᠶᠢ ᠰᠢᠯᠵᠢᠭᠦᠯᠦᠨ ᠣᠷᠣᠭᠤᠯᠤᠭᠰᠠᠨ ᠨᠢ ᠲᠣᠭᠲᠠᠭᠰᠠᠨ ᠵᠢᠯ ᠬᠤᠭᠤᠴᠠᠭ᠎ᠠ ᠳᠤ ᠬᠦᠷᠦᠭᠰᠡᠨ ᠦᠭᠡᠢ ᠪᠠᠶᠢᠪᠠᠯ ᠤᠤᠯ ᠤᠨ ᠡᠷᠦᠬᠡ ᠠᠮᠠ ᠶᠢᠨ ᠳᠠᠩᠰᠠ ᠪᠠᠷ ᠪᠠᠷᠢᠮᠵᠢᠶ᠎ᠠ ᠪᠣᠯᠭᠠᠨ᠎ᠠ᠃ ᠡᠷᠦᠬᠡ ᠠᠮᠠ ᠶᠢᠨ ᠲᠠᠩᠰᠠ ᠪᠣᠯᠣᠨ ᠭᠡᠷ ᠬᠥᠷᠥᠩᠭᠡ ᠶᠢᠨ ᠦᠨᠡᠮᠯᠡᠯ ᠨᠢ ᠨᠢᠭᠡᠳᠦᠯ ᠦᠭᠡᠢ ᠦᠶ᠎ᠡ ᠳᠤ ᠭᠡᠷ ᠬᠥᠷᠥᠩᠭᠡ ᠶᠢᠨ ᠦᠨᠡᠮᠯᠡᠯ ᠢᠶᠠᠷ ᠪᠠᠷᠢᠮᠵᠢᠶ᠎ᠠ ᠪᠣᠯᠭᠠᠨ᠎ᠠ᠃ ᠰᠤᠷᠭᠠᠭᠤᠯᠢ ᠰᠣᠩᠭᠤᠬᠤ ᠶᠢᠨ ᠲᠥᠯᠥᠭᠡ ᠡᠷᠦᠬᠡ ᠠᠮᠠ ᠶᠢᠨ ᠲᠠᠩᠰᠠ ᠪᠠᠨ ᠲᠥᠷᠥᠯ ᠰᠠᠳᠤᠨ ᠤ ᠪᠠᠨ ᠡᠷᠦᠬᠡ ᠠᠮᠠ ᠶᠢᠨ ᠲᠠᠩᠰᠠᠨ ᠳᠤ ᠰᠢᠯᠵᠢᠭᠦᠯᠦᠭᠰᠡᠨ ᠪᠣᠯ ᠵᠠᠷᠴᠢᠮ ᠳᠡᠭᠡᠷ᠎ᠡ ᠪᠠᠨ ᠰᠤᠷᠭᠠᠭᠤᠯᠢ ᠳᠤ ᠣᠷᠣᠬᠤ ᠦᠨᠳᠦᠰᠦᠯᠡᠯ ᠪᠣᠯᠭᠠᠬᠤ ᠦᠭᠡᠢ᠃    ︵ᠬᠤᠶᠠᠷ︶ ᠣᠨᠴᠠ ᠵᠠᠷᠢᠮ ᠬᠡᠷᠡᠭᠯᠡᠬᠦ ᠭᠠᠵᠠᠷ ᠵᠢᠴᠢ ᠭᠡᠷ ᠬᠥᠷᠥᠩᠭᠡ ᠶᠢᠨ ᠱᠠᠭᠠᠷᠳᠠᠯᠭ᠎ᠠ᠄ ᠬᠤᠳᠠᠯᠳᠤᠭᠠᠨ ᠤ  ᠫᠦᠰᠡ᠂ ᠬᠤᠳᠠᠯᠳᠤᠭᠠᠨ ᠤ ᠭᠡᠷ ᠪᠠᠶᠢᠰᠢᠩ᠂ ᠨᠡᠶᠢᠲᠡ ᠶᠢᠨ ᠪᠠᠶᠢᠷᠢ᠂ ᠨᠦᠭᠡᠴᠡᠯᠡᠵᠦ ᠬᠠᠳᠠᠭᠠᠯᠠᠬᠤ ᠭᠡᠷ᠂ ᠲᠡᠷᠭᠡᠨ  ᠬᠥᠮᠥᠷᠭᠡ᠂ ᠦᠢᠯᠡᠳᠪᠦᠷᠢ ᠶᠢᠨ ᠭᠡᠷ ᠪᠠᠶᠢᠰᠢᠩ᠂ ᠣᠶᠢᠲᠤ ᠭᠠᠵᠠᠷ᠂ ᠲᠠᠷᠢᠶᠠᠯᠠᠩ ᠳᠤ ᠬᠡᠷᠡᠭᠯᠡᠬᠦ ᠭᠠᠵᠠᠷ ᠪᠠ ᠲᠡᠵᠢᠭᠡᠪᠦᠷᠢ ᠪᠠ ᠲᠠᠷᠢᠶᠠᠯᠠᠩ ᠤᠨ ᠲᠣᠨᠤᠭ ᠲᠦᠭᠦᠭᠡᠷᠦᠮᠵᠢ ᠵᠡᠷᠭᠡ ᠭᠡᠷ ᠵᠡᠷᠭᠡ ᠪᠤᠰᠤᠳ ᠣᠷᠣᠨ ᠰᠠᠭᠤᠴᠠ ᠶᠢᠨ ᠪᠤᠰᠤ ᠭᠡᠷ ᠬᠥᠷᠥᠩᠭᠡ ᠪᠠ ᠲᠦᠷᠢᠶᠡᠰᠦᠯᠡᠨ ᠰᠠᠭᠤᠬᠤ ᠭᠡᠷ  ᠪᠠᠶᠢᠰᠢᠩ ᠵᠡᠷᠭᠡ ᠶᠢ ᠰᠣᠷᠣᠭᠴᠢ ᠶᠢᠨ ᠰᠤᠷᠭᠠᠭᠤᠯᠢ ᠳᠤ ᠣᠷᠣᠬᠤ ᠭᠡᠷ ᠬᠥᠷᠥᠩᠭᠡ ᠶᠢᠨ ᠦᠨᠳᠦᠰᠦᠯᠡᠯ ᠪᠣᠯᠭᠠᠬᠤ  ᠦᠭᠡᠢ᠃ ︵ᠭᠤᠣᠯ ᠬᠤᠲᠠ ᠶᠢᠨ ᠲᠣᠭᠤᠷᠢᠭ ᠲᠤ ᠪᠤᠰᠤᠳ ᠭᠡᠷ ᠬᠥᠷᠥᠩᠭᠡ ᠪᠠᠶᠢᠬᠤ ᠦᠭᠡᠢ ᠪᠠᠶᠢᠳᠠᠯ ᠳᠣᠣᠷ᠎ᠠ᠂   ᠬᠤᠳᠠᠯᠳᠤᠭ᠎ᠠ ᠪᠠ ᠣᠷᠣᠨ ᠰᠠᠭᠤᠴᠠ ᠬᠤᠶᠠᠷ ᠬᠡᠷᠡᠭᠴᠡᠭᠡᠲᠦ ᠭᠡᠷ ᠪᠠᠶᠢᠰᠢᠩ ᠢ ᠰᠤᠷᠭᠠᠭᠤᠯᠢ ᠳᠤ ᠣᠷᠣᠬᠤ ᠨᠥᠬᠦᠴᠡᠯ  ᠪᠣᠯᠭᠠᠵᠤ ᠪᠣᠯᠣᠨ᠎ᠠ︶     ︵ᠭᠤᠷᠪᠠ︶ ᠰᠤᠷᠭᠠᠭᠤᠯᠢ ᠶᠢᠨ ᠲᠣᠭᠤᠷᠢᠭ ᠲᠠᠬᠢ ᠰᠤᠷᠬᠤ ᠪᠠᠶᠢᠷᠢ ᠶᠢᠨ ᠬᠡᠷᠡᠭᠯᠡᠯᠲᠡ ᠶᠢ ᠴᠢᠩᠳᠠᠯᠠᠨ᠎ᠠ᠃ ︽  ᠰᠤᠷᠭᠠᠭᠤᠯᠢ ᠶᠢᠨ ᠲᠣᠭᠤᠷᠢᠭ ᠤᠨ ᠭᠡᠷ ᠪᠠᠶᠢᠰᠢᠩ︾ ᠤᠨ ᠬᠥᠭᠡᠷᠭᠡᠳᠡᠯ ᠢ ᠪᠦᠲᠦᠮᠵᠢᠲᠡᠶ ᠬᠤᠷᠢᠭᠯᠠᠬᠤ ᠶᠢᠨ ᠲᠥᠯᠥᠭᠡ  ᠂ ᠰᠤᠷᠭᠠᠭᠤᠯᠢ ᠳᠤ ᠣᠷᠣᠬᠤ ᠨᠠᠰᠤᠨ ᠤ ᠰᠣᠷᠣᠭᠴᠢ ᠶᠢᠨ ᠰᠤᠷᠭᠠᠭᠤᠯᠢ ᠳᠤ ᠰᠤᠷᠤᠯᠴᠠᠵᠤ ᠪᠠᠶᠢᠬᠤ  ᠬᠤᠭᠤᠴᠠᠭᠠᠨ ᠳᠤ ᠭᠡᠷ ᠪᠦᠯᠢ ᠶᠢᠨ ᠪᠣᠳᠠᠲᠠᠢ ᠣᠷᠣᠨ ᠰᠠᠭᠤᠴᠠ ᠬᠠᠷᠢᠴᠠᠩᠭᠤᠢ ᠲᠣᠭᠲᠠᠪᠤᠷᠢᠲᠠᠢ ᠪᠠᠶᠢᠬᠤ ᠶᠢ  ᠪᠠᠲᠤᠯᠠᠵᠤ᠂ ᠰᠠᠭᠤᠬᠤ ᠣᠷᠣᠨ ᠰᠠᠭᠤᠴᠠ ᠨᠢᠭᠡᠪᠦᠷᠢ ᠳᠤ ᠵᠠᠷᠴᠢᠮ ᠳᠡᠭᠡᠷ᠎ᠡ ᠪᠠᠨ ᠪᠠᠭ᠎ᠠ ᠰᠤᠷᠭᠠᠭᠤᠯᠢ 6 ᠵᠢᠯ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 3 ᠵᠢᠯ ᠢᠶᠠᠷ  ᠬᠢᠵᠠᠭᠠᠷᠯᠠᠨ᠎ᠠ᠂ ᠠᠳᠠᠯᠢ ᠨᠢᠭᠡᠨ ᠭᠡᠷ ᠪᠦᠯᠢ ᠶᠢᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠢ ᠰᠣᠷᠣᠭᠴᠢ ᠡᠯᠰᠡᠬᠦ ᠤᠷᠤᠨ ᠲᠣᠭᠤᠷᠢᠭ ᠢᠶᠠᠷ ᠭᠡᠷ  ᠣᠶᠢᠷᠠᠯᠴᠠᠭ᠎ᠠ ᠪᠠᠨ ᠰᠤᠷᠭᠠᠭᠤᠯᠢ ᠳᠤ ᠤᠷᠤᠬᠤ ᠶᠢ ᠵᠥᠪᠰᠢᠶᠡᠷᠡᠨ᠎ᠡ᠃      ︵ᠳᠥᠷᠪᠡ︶ ᠡᠯ᠎ᠡ ᠰᠣᠷᠣᠭᠴᠢ ᠡᠯᠰᠡᠬᠦ ᠰᠤᠷᠭᠠᠭᠤᠯᠢ ᠨᠤᠭᠤᠳ ᠲᠣᠰ ᠰᠤᠷᠭᠠᠭᠤᠯᠢ ᠶᠢᠨ ᠢᠶᠠᠨ 2023 ᠣᠨ ᠤ  ᠰᠣᠷᠣᠭᠴᠢ ᠡᠯᠰᠡᠬᠦ ᠠᠵᠢᠯ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠤᠩᠰᠢᠨ ᠲᠠᠶᠢᠯᠪᠤᠷᠢᠯᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠰᠤᠷᠭᠠᠭᠤᠯᠢ ᠶᠢᠨ ᠵᠠᠬᠢᠷᠤᠯ ᠢᠶᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠲᠣᠰ ᠰᠤᠷᠭᠠᠭᠤᠯᠢ ᠶᠢᠨ ᠢᠶᠠᠨ ᠰᠣᠷᠣᠭᠴᠢ ᠡᠯᠰᠡᠬᠦ ᠠᠵᠢᠯ ᠤᠨ ᠳᠤᠮᠳᠠᠬᠢ ᠪᠣᠶ ᠪᠦᠬᠦᠢ ᠲᠥᠷᠥ ᠶᠢᠨ ᠪᠣᠳᠣᠯᠭ᠎ᠠ ᠶᠢ  ᠤᠬᠠᠭᠤᠯᠬᠤ ᠪᠠ ᠲᠥᠰᠥᠯ ᠢ ᠤᠩᠰᠢᠨ ᠲᠠᠶᠢᠯᠪᠤᠷᠢᠯᠠᠬᠤ ᠠᠵᠢᠯ ᠢ ᠪᠣᠳᠠᠲᠠᠢ ᠬᠠᠷᠢᠭᠤᠴᠠᠭᠤᠯᠵᠤ᠂ ᠠᠰᠠᠭᠤᠳᠠᠯ  ᠪᠠᠶᠢᠪᠠᠯ ᠴᠠᠭ ᠲᠤᠬᠠᠢ ᠳᠤᠨᠢ ᠬᠤᠷᠢᠶᠠᠩᠭᠤᠶᠢᠯᠠᠨ ᠨᠢᠭᠡᠳᠦᠯᠲᠡᠢ ᠳᠡᠭᠡᠭᠰᠢ ᠮᠡᠳᠡᠭᠦᠯᠵᠦ᠂ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠢᠯᠡ ᠪᠠᠷ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠠᠴᠠ ᠰᠤᠳᠤᠯᠤᠨ  ᠰᠢᠢᠳᠪᠦᠷᠢᠯᠡᠨ᠎ᠡ᠃     ︵ᠲᠠᠪᠤ︶ ︽ᠢᠯᠡ ᠪᠠᠷ ᠰᠣᠷᠣᠭᠴᠢ ᠡᠯᠰᠡᠬᠦ ᠲᠠᠪᠴᠠᠩ ᠤᠨ ᠰᠢᠰᠲ᠋ᠧᠮ︾ ︵ᠲᠦᠩᠯᠢᠶᠣᠣ ᠶᠢᠨ  ᠰᠤᠷᠭᠠᠨ ᠬᠥᠮᠦᠵᠢᠯ ᠤᠨ ᠡᠭᠦᠯᠡᠨ ᠲᠠᠪᠴᠠᠩ︶ ᠤᠨ ᠠᠯᠪᠠᠨ ᠵᠠᠷ ᠢ ᠨᠢᠭᠲᠠ ᠠᠩᠬᠠᠷᠬᠤ ᠬᠡᠷᠡᠭᠲᠡᠢ᠃ 2023 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠢᠯᠡ ᠪᠠᠷ  ᠰᠣᠷᠣᠭᠴᠢ ᠡᠯᠰᠡᠬᠦ ᠠᠵᠢᠯ ᠢ ᠦᠷᠭᠦᠯᠵᠢᠯᠡᠨ ︽ᠢᠯᠡ ᠪᠠᠷ ᠰᠣᠷᠣᠭᠴᠢ ᠡᠯᠰᠡᠬᠦ ᠲᠠᠪᠴᠠᠩ ᠤᠨ ᠰᠢᠰᠲ᠋ᠧᠮ︾ ︵ᠲᠦᠩᠯᠢᠶᠣᠣ ᠶᠢᠨ ᠰᠤᠷᠭᠠᠨ ᠬᠥᠮᠦᠵᠢᠯ ᠤᠨ ᠡᠭᠦᠯᠡᠨ ᠲᠠᠪᠴᠠᠩ︶ ᠤᠨ ᠬᠠᠮᠢᠶᠠᠷᠤᠯᠲᠠ ᠳᠤ ᠣᠷᠣᠭᠤᠯᠵᠤ᠂ ᠪᠦᠯᠦᠭ  ᠬᠤᠪᠢᠶᠠᠨ ᠴᠠᠭ ᠬᠤᠪᠢᠶᠠᠨ ᠡᠯᠰᠡᠬᠦ ᠠᠷᠭ᠎ᠠ ᠮᠠᠶ᠋ᠢᠭ ᠢ ᠠᠪᠴᠤ᠂ ᠲᠤᠬᠠᠢ ᠶᠢᠨ ᠦᠶ᠎ᠡ ᠳᠤ ᠡᠯ᠎ᠡ ᠰᠤᠷᠭᠠᠭᠤᠯᠢ ᠨᠤᠭᠤᠳ ᠪᠣᠶ ᠪᠦᠬᠦᠢ ᠮᠡᠳᠡᠭᠡ ᠵᠠᠩᠭᠢ ᠶᠢ ︽ᠢᠯᠡ ᠪᠠᠷ ᠰᠣᠷᠣᠭᠴᠢ ᠡᠯᠰᠡᠬᠦ ᠲᠠᠪᠴᠠᠩ ᠤᠨ ᠰᠢᠰᠲ᠋ᠧᠮ ︾ ︵ᠲᠦᠩᠯᠢᠶᠣᠣ ᠶᠢᠨ ᠰᠤᠷᠭᠠᠨ ᠬᠥᠮᠦᠵᠢᠯ ᠤᠨ ᠡᠭᠦᠯᠡᠨ ᠲᠠᠪᠴᠠᠩ︶ ᠤᠨ ᠠᠯᠪᠠᠨ ᠵᠠᠷ ᠲᠤ ᠮᠡᠳᠡᠭᠳᠡᠨ᠎ᠡ᠃  ᠲᠠᠪᠴᠠᠩ ᠲᠡᠭᠡᠷ᠎ᠡ ᠰᠣᠷᠣᠭᠴᠢ ᠡᠯᠰᠡᠬᠦ ᠦᠶ᠎ᠡ ᠳᠤ᠂ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ︽ᠢᠯᠡ ᠪᠠᠷ ᠰᠣᠷᠣᠭᠴᠢ ᠡᠯᠰᠡᠬᠦ ᠲᠠᠪᠴᠠᠩ ᠤᠨ ᠰᠢᠰᠲ᠋ᠧᠮ︾ ︵ᠲᠦᠩᠯᠢᠶᠣᠣ ᠶᠢᠨ ᠰᠤᠷᠭᠠᠨ ᠬᠥᠮᠦᠵᠢᠯ ᠤᠨ ᠡᠭᠦᠯᠡᠨ ᠲᠠᠪᠴᠠᠩ︶ ᠢᠶᠠᠷ ᠳᠠᠮᠵᠢᠭᠤᠯᠤᠨ ᠭᠡᠷ ᠤᠨ ᠠᠬᠠᠮᠠᠳ ᠵᠢᠴᠢ ᠨᠡᠶᠢᠭᠡᠮ ᠨᠡᠶᠢᠳᠡ ᠳᠤ ᠴᠠᠭ ᠲᠤᠬᠠᠢ ᠳᠤᠨᠢ ︽ᠠᠯᠪᠠᠨ ᠵᠠᠷ︾ ᠨᠡᠶᠢᠲᠡᠯᠡᠵᠦ᠂ ᠨᠡᠷ᠎ᠡ ᠮᠡᠳᠡᠭᠦᠯᠬᠦ ᠨᠥᠬᠦᠴᠡᠯ᠂  ᠰᠣᠷᠣᠭᠴᠢ ᠡᠯᠰᠡᠬᠦ ᠲᠥᠯᠥᠪᠯᠡᠭᠡ᠂ ᠤᠷᠢᠳᠴᠢᠯᠠᠨ ᠡᠯᠰᠡᠬᠦ ᠬᠥᠮᠥᠨ ᠤ ᠲᠤᠭ᠎ᠠ᠂ ᠵᠦᠷᠢᠶᠡᠳᠤ ᠲᠤᠭ᠎ᠠ ︵ᠬᠡᠲᠦᠷᠡᠭᠰᠡᠨ ᠲᠤᠭ᠎ᠠ︶ ᠵᠡᠷᠭᠡ ᠲᠠᠯ᠎ᠠ ᠶᠢᠨ ᠠᠭᠤᠯᠭ᠎ᠠ ᠶᠢᠨ ᠮᠡᠳᠡᠭᠡ ᠵᠠᠩᠭᠢ ᠶᠢ ᠮᠡᠳᠡᠭᠳᠡᠨ᠎ᠡ᠃ ᠰᠣᠷᠣᠭᠴᠢ ᠡᠯᠰᠡᠬᠦ  ᠬᠤᠭᠤᠴᠠᠭᠠᠨ ᠳᠤ᠂ ᠲᠤᠬᠠᠶᠢᠯᠠᠪᠠᠯ ᠰᠣᠷᠣᠭᠴᠢ ᠡᠯᠰᠡᠬᠦ ᠲᠥᠯᠥᠪᠯᠡᠭᠡ ᠶᠢᠨ ᠲᠤᠭ᠎ᠠ ᠳᠤ ᠪᠠᠨ ᠭᠦᠷᠦᠭᠰᠡᠨ ᠦᠭᠡᠢ  ᠵᠠᠷᠢᠮ ᠰᠤᠷᠭᠠᠭᠤᠯᠢ ᠰᠣᠷᠣᠭᠴᠢ ᠡᠯᠰᠡᠬᠦ ᠨᠥᠬᠦᠴᠡᠯ ᠪᠠ ᠰᠣᠷᠣᠭᠴᠢ ᠡᠯᠰᠡᠬᠦ ᠬᠡᠪᠴᠢᠶ᠎ᠡ ᠪᠠᠨ ᠴᠠᠭ ᠲᠤᠬᠠᠢ ᠳᠤᠨᠢ  ᠲᠣᠬᠢᠷᠠᠭᠤᠯᠵᠤ ᠮᠡᠳᠡᠬᠦ ᠶᠤᠮ᠂ ᠥᠷᠭᠡᠨ ᠣᠯᠠᠨ ᠭᠡᠷ ᠤᠨ ᠠᠬᠠᠮᠠᠳ ᠲᠠᠪᠴᠠᠩ ᠤᠨ ᠮᠡᠳᠡᠭᠡ ᠵᠠᠩᠭᠢ ᠶᠢ ᠨᠢᠭᠲᠠ  ᠠᠩᠬᠠᠷᠴᠤ᠂ ᠠᠯᠢᠪᠠ ᠪᠦᠬᠦᠨ ᠢ ︽ᠢᠯᠡ ᠪᠠᠷ ᠰᠣᠷᠣᠭᠴᠢ ᠡᠯᠰᠡᠬᠦ ᠲᠠᠪᠴᠠᠩ ᠤᠨ ᠰᠢᠰᠲ᠋ᠧᠮ︾ ︵ᠲᠦᠩᠯᠢᠶᠣᠣ ᠶᠢᠨ ᠰᠤᠷᠭᠠᠨ ᠬᠥᠮᠦᠵᠢᠯ ᠤᠨ ᠡᠭᠦᠯᠡᠨ ᠲᠠᠪᠴᠠᠩ︶ ᠤᠨ ᠨᠡᠶᠢᠲᠡᠯᠡᠭᠰᠡᠨ ᠠᠯᠪᠠᠨ ᠵᠠᠷ ᠢᠶᠠᠷ ᠪᠠᠷᠢᠮᠵᠢᠶ᠎ᠠ ᠪᠣᠯᠭᠠᠨ᠎ᠠ᠃ ᠴᠠᠭ ᠤᠨ ᠬᠢᠵᠠᠭᠠᠷ ᠠᠴᠠ ᠬᠡᠲᠦᠷᠡᠲᠡᠯ᠎ᠡ ᠨᠡᠷ᠎ᠡ ᠮᠡᠳᠡᠭᠦᠯᠦᠭᠰᠡᠨ ᠦᠭᠡᠢ ᠪᠤᠶᠤ ᠮᠠᠭᠤ ᠰᠠᠨᠠᠭ᠎ᠠ ᠲᠠᠢ ᠪᠠᠷ ᠨᠡᠷ᠎ᠡ ᠮᠡᠳᠡᠭᠦᠯᠦᠭᠡᠳ ᠡᠯᠰᠡᠭᠳᠡᠭᠰᠡᠨ ᠦᠭᠡᠢ ᠰᠣᠷᠣᠭᠴᠢ ᠶᠢ ᠴᠥᠮ ᠰᠣᠷᠣᠭᠴᠢ ᠡᠯᠰᠡᠬᠦ  ᠲᠥᠯᠥᠪᠯᠡᠭᠡ ᠳᠤ ᠪᠠᠨ ᠬᠦᠷᠤᠭᠡᠳᠤᠢ ᠰᠤᠷᠭᠠᠭᠤᠯᠢ ᠳᠤ ᠲᠣᠬᠢᠷᠠᠭᠤᠯᠤᠨ᠎ᠠ᠃     ︵ᠵᠢᠷᠭᠤᠭ᠎ᠠ︶ ᠠᠩᠭᠢ ᠶᠢᠨ ᠰᠤᠷᠤᠭᠴᠢ ᠶᠢᠨ ᠲᠤᠭ᠎ᠠ ᠶᠢᠨ ᠪᠠᠷᠢᠮᠵᠢᠶ᠎ᠠ ᠶᠢ ᠴᠢᠩᠳᠠᠯᠠᠨ᠎ᠠ᠃ ᠪᠠᠭ᠎ᠠ ᠰᠤᠷᠭᠠᠭᠤᠯᠢ  ᠶᠢᠨ ᠠᠩᠬᠠᠨ ᠤ ᠠᠩᠭᠢ ᠶᠢᠨ ᠲᠤᠭ᠎ᠠ ᠶᠢ 45 ᠬᠥᠮᠥᠨ ᠠᠴᠠ ᠳᠣᠷᠣᠭᠰᠢ ᠬᠢᠵᠠᠭᠠᠷᠯᠠᠵᠤ᠂ ᠠᠩᠬ᠎ᠠ  ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠬᠠᠨ ᠤ ᠠᠩᠭᠢ ᠶᠢᠨ ᠲᠤᠭ᠎ᠠ ᠶᠢ 50 ᠬᠥᠮᠥᠨ ᠠᠴᠠ ᠳᠣᠷᠣᠭᠰᠢ  ᠬᠢᠵᠠᠭᠠᠷᠯᠠᠵᠤ᠂ ᠲᠣᠭᠲᠠᠭᠠᠭᠰᠠᠨ ᠠᠩᠭᠢ ᠶᠢᠨ ᠰᠤᠷᠤᠭᠴᠢ ᠶᠢᠨ ᠲᠤᠭ᠎ᠠ ᠠᠴᠠ ᠬᠡᠲᠦᠷᠡᠭᠦᠯᠵᠦ ᠪᠣᠯᠬᠤ ᠦᠭᠡᠢ᠃ ᠰᠣᠷᠣᠭᠴᠢ ᠡᠯᠰᠡᠬᠦ ᠲᠥᠯᠥᠪᠯᠡᠭᠡ ᠶᠢᠨ ᠳᠣᠲᠣᠷᠠᠬᠢ ᠠᠩᠭᠢ ᠶᠢᠨ ᠲᠤᠭ᠎ᠠ ᠶᠢ ᠳᠠᠪᠠᠭᠤᠯᠵᠤ ᠪᠣᠯᠬᠤ ᠦᠭᠡᠢ᠂ ᠰᠣᠷᠣᠭᠴᠢ ᠡᠯᠰᠡᠬᠦ ᠲᠥᠯᠥᠪᠯᠡᠭᠡ ᠶᠢᠨ ᠪᠥᠬᠦ ᠬᠥᠮᠥᠨ ᠤ ᠲᠤᠭ᠎ᠠ ᠶᠢ ᠳᠠᠪᠠᠭᠤᠯᠵᠤ ᠪᠣᠯᠬᠤ ᠦᠭᠡᠢ᠂ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠢᠯᠡ ᠪᠠᠷ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠢᠶᠠᠷ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠰᠣᠷᠣᠭᠴᠢ ᠡᠯᠰᠡᠭᠰᠡᠨ ᠰᠤᠷᠭᠠᠭᠤᠯᠢ ᠶᠢᠨ ᠭᠤᠣᠯ ᠤᠳᠤᠷᠢᠳᠤᠯᠭ᠎ᠠ ᠠᠴᠠ ᠬᠠᠷᠢᠭᠤᠴᠠᠯᠭ᠎ᠠ ᠨᠡᠬᠡᠮᠵᠢᠯᠡᠨ᠎ᠡ᠃     ︵ᠳᠣᠯᠤᠭ᠎ᠠ︶ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢ ᠨᠠᠷᠢᠨ ᠪᠣᠳᠠᠲᠠᠢ ᠵᠢᠷᠤᠮᠵᠢᠭᠤᠯᠤᠨ᠎ᠠ᠃  ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠢᠯᠡ ᠪᠠᠷ ᠰᠣᠷᠣᠭᠴᠢ ᠡᠯᠰᠡᠬᠦ ᠠᠵᠢᠯ ᠤᠨ ᠤᠳᠤᠷᠢᠳᠬᠤ  ᠳᠤᠭᠤᠶᠢᠯᠠᠩ ᠤᠨ ᠠᠯᠪᠠᠨ ᠭᠡᠷ ᠢᠶᠠᠷ ᠬᠢᠨᠠᠨ ᠵᠥᠪᠰᠢᠶᠡᠷᠡᠭᠦᠯᠦᠭᠰᠡᠨ ᠦᠭᠡᠢ ᠰᠣᠷᠣᠭᠴᠢ ᠳᠤ ᠡᠯᠧᠺᠲᠷᠣᠨ ᠰᠤᠷᠭᠠᠭᠤᠯᠢ ᠶᠢᠨ ᠬᠠᠷᠢᠶᠠᠯᠠᠯ ᠪᠠᠶᠢᠭᠤᠯᠵᠤ ᠥᠭᠬᠦ ᠦᠭᠡᠢ᠃ ᠶᠠᠮᠠᠷᠪᠠ ᠰᠤᠷᠭᠠᠭᠤᠯᠢ ᠭᠡᠳ ᠳᠤᠷ᠎ᠠ ᠪᠠᠷ ᠢᠶᠠᠨ ᠰᠣᠷᠣᠭᠴᠢ ᠡᠯᠰᠡᠬᠦ ᠡᠷᠬᠡ ᠦᠭᠡᠢ᠂ ᠠᠯᠢᠪᠠ ᠪᠦᠬᠦᠨ ᠢ ︽ᠢᠯᠡ ᠪᠠᠷ ᠰᠣᠷᠣᠭᠴᠢ ᠡᠯᠰᠡᠬᠦ ᠲᠠᠪᠴᠠᠩ ᠤᠨ ᠰᠢᠰᠲ᠋ᠧᠮ  ︾ ︵ᠲᠦᠩᠯᠢᠶᠣᠣ ᠶᠢᠨ ᠰᠤᠷᠭᠠᠨ ᠬᠥᠮᠦᠵᠢᠯ ᠤᠨ ᠡᠭᠦᠯᠡᠨ ᠲᠠᠪᠴᠠᠩ︶ ᠲᠡᠭᠡᠷ᠎ᠡ ᠰᠣᠷᠣᠭᠴᠢ ᠡᠯᠰᠡᠬᠦ ᠪᠠᠷ ᠪᠠᠷᠢᠮᠵᠢᠶ᠎ᠠ ᠪᠣᠯᠭᠠᠨ᠎ᠠ᠃ ᠲᠣᠭᠲᠠᠭᠠᠯ ᠢ ᠬᠡᠷᠡᠭᠵᠢᠭᠦᠯᠦᠭᠰᠡᠨ ᠦᠭᠡᠢ ᠠᠴᠠ ᠪᠣᠯᠵᠤ᠂ ᠮᠠᠭᠤ ᠦᠷ᠎ᠡ ᠳ᠋ᠦᠩ ᠭᠠᠷᠪᠠᠯ ᠰᠤᠷᠭᠠᠭᠤᠯᠢ  ᠶᠢᠨ ᠭᠤᠣᠯ ᠤᠳᠤᠷᠢᠳᠤᠯᠭ᠎ᠠ ᠬᠠᠷᠢᠭᠤᠴᠠᠯᠭ᠎ᠠ ᠡᠭᠦᠷᠭᠡᠯᠡᠨ᠎ᠡ᠃     ︵ᠨᠠᠢᠮᠠ︶ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨᠴᠠᠭᠠᠢ ᠰᠢᠯᠲᠠᠭᠠᠨ ᠠᠴᠠ ᠪᠣᠯᠵᠤ  ᠰᠤᠷᠭᠠᠭᠤᠯᠢ ᠳᠤ ᠣᠷᠣᠬᠤ ᠪᠠᠨ ᠬᠤᠶᠢᠰᠢᠯᠠᠭᠤᠯᠬᠤ ᠪᠠᠷ ᠱᠠᠭᠠᠷᠳᠠᠪᠠᠯ᠂ ᠭᠡᠷ ᠤᠨ ᠠᠬᠠᠮᠠᠳ ᠠᠴᠠ ᠣᠷᠣᠬᠤ  ᠨᠥᠬᠦᠴᠡᠯ ᠳᠤ ᠨᠡᠶᠢᠴᠡᠬᠦ ᠰᠤᠷᠭᠠᠭᠤᠯᠢ ᠳᠤ ᠦᠰᠤᠭ᠌ ᠪᠢᠴᠢᠭ ᠢᠶᠠᠷ ᠭᠤᠶᠤᠴᠢᠯᠠᠯ ᠭᠠᠷᠭᠠᠵᠤ᠂ ᠬᠠᠷᠢᠶᠠᠯᠠᠭᠳᠠᠬᠤ ᠰᠤᠷᠭᠠᠭᠤᠯᠢ ᠶᠢᠨ ᠲᠣᠭᠤᠷᠢᠭ ᠤᠨ ᠰᠤᠷᠭᠠᠭᠤᠯᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠰᠤᠷᠭᠠᠨ ᠬᠥᠮᠦᠵᠢᠯ ᠪᠡᠶ᠎ᠡ  ᠲᠠᠮᠢᠷ ᠤᠨ ᠲᠣᠪᠴᠢᠶ᠎ᠠ ᠳᠤ ᠨᠢᠭᠡᠳᠦᠯᠲᠡᠢ ᠮᠡᠳᠡᠭᠦᠯᠦᠨ ᠬᠢᠨᠠᠨ ᠵᠥᠪᠰᠢᠶᠡᠷᠡᠭᠦᠯᠵᠦ ᠳᠠᠩᠰᠠᠯᠠᠭᠤᠯᠬᠤ ᠬᠡᠷᠡᠭᠲᠡᠢ᠃       ︵ᠶᠢᠰᠦ︶ ᠬᠥᠮᠥᠨ ᠠᠮᠠ ᠶᠢᠨ ᠲᠥᠷᠥ ᠶᠢᠨ ᠪᠣᠳᠣᠯᠭ᠎ᠠ ᠶᠢ ᠳᠡᠮᠵᠢᠨ᠎ᠡ᠃ ᠰᠤᠷᠭᠠᠭᠤᠯᠢ ᠰᠣᠷᠣᠭᠴᠢ ᠡᠯᠰᠡᠬᠦ ᠶᠠᠪᠤᠴᠠ ᠳᠤ ᠣᠷᠣᠨ ᠪᠠᠶᠢᠷᠢ ᠲᠤᠭᠳᠠᠭᠠᠵᠦ ᠲᠣᠬᠢᠷᠠᠭᠤᠯᠤᠭᠰᠠᠨ ᠠᠴᠠ ᠪᠣᠯᠵᠤ ᠬᠤᠶᠠᠳᠤᠭᠠᠷ ᠬᠡᠦᠬᠡᠳ᠂  ᠭᠤᠷᠪᠠᠳᠤᠭᠠᠷ ᠬᠡᠦᠬᠡᠳ ᠨᠢ ᠰᠤᠷᠭᠠᠭᠤᠯᠢ ᠳᠤ ᠪᠠᠶᠢᠭ᠎ᠠ ᠠᠬ᠎ᠠ ︵ᠡᠭᠡᠴᠢ︶ ᠲᠠᠢ ᠪᠠᠨ ᠨᠢᠭᠡ ᠰᠤᠷᠭᠠᠭᠤᠯᠢ ᠶᠢ  ᠰᠣᠩᠭᠤᠵᠤ  ᠲᠡᠶᠢᠯᠬᠦ ᠦᠭᠡᠢ ᠪᠠᠶᠢᠳᠠᠯ ᠭᠠᠷᠪᠠᠯ᠂ ᠠᠬ᠎ᠠ ︵ᠡᠭᠡᠴᠢ︶ ᠨᠢ ᠰᠤᠷᠭᠠᠭᠤᠯᠢ  ᠰᠤᠩᠭᠤᠭᠰᠠᠨ ᠦᠭᠡᠢ ᠪᠠᠷ  ᠰᠤᠷᠭᠠᠭᠤᠯᠢ ᠳᠤ ᠤᠷᠤᠭᠰᠠᠨ ᠤᠷᠢᠲᠠᠯ ᠳᠣᠣᠷ᠎ᠠ᠂ ᠬᠢᠨᠠᠨ ᠬᠠᠮᠠᠭᠠᠯᠠᠭᠴᠢ ᠨᠢ ᠭᠤᠶᠤᠴᠢᠯᠠᠯ  ᠭᠠᠷᠭᠠᠪᠠᠯ᠂ ᠵᠠᠷᠴᠢᠮ  ᠳᠡᠭᠡᠷ᠎ᠡ ᠪᠠᠨ ᠰᠤᠷᠭᠠᠭᠤᠯᠢ ᠳᠤ ᠰᠤᠯᠠ ᠤᠷᠤᠨ ᠲᠤᠭ᠎ᠠ ᠲᠠᠢ ᠤᠷᠢᠲᠠᠯ ᠳᠣᠣᠷ᠎ᠠ ᠬᠤᠶᠠᠳᠤᠭᠠᠷ ᠬᠡᠦᠬᠡᠳ᠂ ᠭᠤᠷᠪᠠᠳᠤᠭᠠᠷ ᠬᠡᠦᠬᠡᠳ ᠢ ᠠᠬ᠎ᠠ ︵ᠡᠭᠡᠴᠢ︶ ᠲᠠᠢ ᠨᠢ ᠨᠢᠭᠡ ᠰᠤᠷᠭᠠᠭᠤᠯᠢ ᠳᠤ ᠲᠣᠬᠢᠷᠠᠭᠤᠯᠤᠨ᠎ᠠ᠃ ᠺᠣᠮᠫᠢᠦ᠋ᠲ᠋ᠧᠷ ᠢᠶᠠᠷ ᠲᠠᠰᠢᠷᠠᠮ ᠢᠶᠠᠷ ᠣᠷᠣᠨ ᠪᠠᠶᠢᠷᠢ ᠲᠤᠭᠳᠠᠭᠠᠵᠦ ᠡᠯᠰᠡᠬᠦ ᠶᠢ ᠬᠡᠷᠡᠭᠵᠢᠭᠦᠯᠵᠦ᠂ ᠢᠯᠡ ᠪᠠᠷ ᠠᠩᠭᠢ  ᠬᠤᠪᠢᠶᠠᠬᠤ ᠰᠤᠷᠭᠠᠭᠤᠯᠢ ᠳᠤ ᠭᠡᠷ ᠤᠨ ᠠᠬᠠᠮᠠᠳ ᠠᠴᠠ ᠢᠬᠡᠷ᠎ᠡ ᠬᠡᠦᠬᠡᠳ᠂ ᠣᠯᠠᠨ ᠢᠬᠡᠷ᠎ᠡ ᠬᠡᠦᠬᠡᠳ ᠢᠶᠠᠨ  ᠪᠠᠭᠴᠠᠯᠠᠭᠠᠳ ᠠᠩᠬᠢ ᠬᠤᠪᠢᠶᠠᠬᠤ ᠳᠤ ᠤᠷᠤᠯᠴᠠᠬᠤ ᠪᠠᠷ ᠭᠤᠶᠤᠴᠢᠯᠠᠬᠤ ᠶᠢ ᠵᠥᠪᠰᠢᠶᠡᠷᠡᠨ᠎ᠡ᠃          ︵ᠠᠷᠪᠠ︶ ᠰᠤᠷᠭᠠᠨ ᠬᠥᠮᠦᠵᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ᠪᠣᠯᠣᠨ ᠬᠠᠷᠠᠭᠠᠯᠵᠠᠬᠤ ᠨᠥᠬᠦᠴᠡᠯ ᠳᠤ ᠨᠡᠶᠢᠴᠡᠬᠦ ᠵᠢᠩᠬᠢᠨᠢ ᠠᠯᠪᠠᠨ ᠤ ᠴᠡᠷᠢᠭ ᠤᠨ ᠦᠷ᠎ᠡ ᠬᠡᠦᠬᠡᠳ᠂ ᠵᠢᠩᠬᠢᠨᠢ ᠠᠯᠪᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠦᠮᠦᠰ ᠤᠨ ᠦᠷ᠎ᠡ ᠬᠡᠦᠬᠡᠳ᠂ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠪᠣᠯᠣᠨ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ︵ᠵᠡᠮᠳᠡᠭ ᠪᠣᠯᠤᠭᠰᠠᠨ︶ ᠴᠠᠭᠳᠠᠭ᠎ᠠ ᠶᠢᠨ ᠦᠷ᠎ᠡ ᠬᠡᠦᠬᠡᠳ᠂ ᠵᠠᠷᠤᠳ ᠬᠤᠰᠢᠭᠤᠨ ᠳᠤ ᠢᠷᠡᠵᠦ ᠪᠡᠯᠡ ᠣᠷᠣᠭᠤᠯᠤᠨ ᠦᠢᠯᠡᠰ ᠬᠥᠭᠵᠢᠭᠦᠯᠦᠭᠰᠡᠨ ᠠᠵᠤ ᠠᠬᠤᠶᠢᠯᠠᠯᠲᠠᠨ ᠪᠣᠯᠣᠨ ᠨᠥᠬᠦᠴᠡᠯ ᠳᠤ ᠨᠡᠶᠢᠴᠡᠬᠦ ᠳᠡᠭᠡᠳᠦ ᠲᠠᠰ ᠤᠨ ᠴᠢᠳᠠᠪᠤᠷᠢᠲᠠᠨ ᠤ ᠦᠷ᠎ᠡ ᠬᠡᠦᠬᠡᠳ ᠵᠢᠴᠢ ᠪᠤᠰᠤᠳ ᠬᠠᠷᠠᠭᠠᠯᠵᠠᠬᠤ ᠨᠥᠬᠦᠴᠡᠯ ᠳᠤ ᠨᠡᠶᠢᠴᠡᠬᠦ ᠬᠥᠮᠥᠰ ᠤᠨ ᠦᠷ᠎ᠡ ᠬᠡᠦᠬᠡᠳ ᠲᠤ ᠰᠣᠷᠣᠭᠴᠢ ᠡᠯᠰᠡᠵᠦ ᠰᠤᠷᠭᠠᠭᠤᠯᠢ ᠳᠤ ᠣᠷᠣᠬᠤ ᠳᠤ ᠤᠷᠢᠳᠠᠪᠠᠷ ᠬᠠᠷᠠᠭᠠᠯᠵᠠᠯ ᠦᠵᠡᠭᠦᠯᠦᠨ᠎ᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号