ᠵᠠᠷᠤᠳ ᠬᠤᠰᠢᠭᠤᠨ ᠤ 2023 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠢᠯᠡ ᠪᠠᠷ ᠰᠣᠷᠣᠭᠴᠢ ᠡᠯᠰᠡᠬᠦ ᠠᠵᠢᠯ ᠤᠨ ᠲᠥᠰᠥᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/5/31
       ᠰᠤᠷᠭᠠᠭᠤᠯᠢ ᠶᠢᠨ ᠰᠣᠷᠣᠭᠴᠢ ᠡᠯᠰᠡᠬᠦ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠣᠷᠣᠭᠴᠢ ᠡᠯᠰᠡᠬᠦ ᠡᠮᠬᠢ ᠳᠢᠭᠯᠢᠮ ᠢ ᠵᠢᠷᠤᠮᠵᠢᠭᠤᠯᠤᠨ᠂ ᠮᠠᠨ ᠤ ᠬᠤᠰᠢᠭᠤᠨ ᠤ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ ᠶᠢ ᠬᠠᠤᠯᠢ ᠲᠣᠭᠲᠠᠭᠠᠯ ᠢᠶᠠᠷ᠂ ᠯᠠᠪᠳᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠭᠤᠯᠬᠤ ᠶᠢ ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠳᠠᠮᠵᠢᠨ᠂ ︽ᠵᠠᠷᠤᠳ ᠬᠤᠰᠢᠭᠤᠨ ᠤ 2023 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠢᠯᠡ ᠪᠠᠷ ᠰᠣᠷᠣᠭᠴᠢ ᠡᠯᠰᠡᠬᠦ ᠠᠵᠢᠯ ᠤᠨ ᠲᠥᠰᠥᠯ︾ ᠠᠷᠠᠳ ᠵᠠᠰᠠᠭ ᠠᠯᠪᠠᠨ ᠦᠰᠦᠭᠲᠦ ﹇2023﹈ 26 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ 5 ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ᠃   ᠨᠢᠭᠡ᠂ ︽ᠮᠡᠳᠡᠭᠳᠡᠯ ︾ ᠤᠨ ᠴᠢᠬᠤᠯᠠ ᠴᠢᠨᠠᠷ   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠲᠤ ᠡᠵᠡᠮᠳᠡᠨ᠎ᠡ᠃ ︽ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠡᠷᠬᠢᠯᠡᠬᠦ ᠪᠠᠷ ᠵᠣᠷᠢᠯᠲᠠ ᠪᠣᠯᠭᠠᠵᠤ︾᠂ ᠰᠤᠷᠭᠠᠭᠤᠯᠢ ᠡᠷᠭᠢᠯᠡᠬᠦ ᠦᠶᠯᠡ ᠠᠵᠢᠯᠯᠠᠭ᠎ᠠ ᠪᠠᠨ ᠤᠯᠠᠮ ᠨᠢᠭᠡ ᠠᠯᠬᠤᠮ ᠵᠢᠷᠤᠮᠵᠢᠭᠤᠯᠤᠨ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠢ ᠶᠢ ᠪᠣᠶ ᠪᠣᠯᠭᠠᠵᠤ᠂ ᠶᠣᠰᠣ ᠮᠣᠷᠠᠯ ᠲᠠᠢ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠰᠣᠷᠣᠭᠴᠢ ᠡᠯᠰᠡᠬᠦ ᠶᠠᠪᠤᠴᠠ ᠶᠢᠨ ᠢᠯᠡ ᠲᠣᠳᠤ᠂ ᠡᠷᠬᠡ ᠲᠡᠭᠰᠢ᠂ ᠲᠥᠪ ᠭᠤᠥᠯᠴᠢ ᠪᠠᠶᠢᠬᠤ ᠶᠢ ᠦᠨᠡᠨᠬᠦ ᠪᠠᠲᠤᠯᠠᠨ᠎ᠠ᠃   ᠬᠤᠶᠠᠷ᠂ ︽ᠮᠡᠳᠡᠭᠳᠡᠯ︾ ᠢ ᠲᠤᠭᠤᠷᠪᠢᠭᠰᠠᠨ ᠶᠠᠪᠤᠴᠠ   ︽ᠮᠡᠳᠡᠭᠳᠡᠯ︾ ᠢ ᠲᠤᠭᠤᠷᠪᠢᠨ ᠪᠢᠴᠢᠬᠦ ᠶᠠᠪᠤᠴᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠤᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ ᠪᠠ ᠰᠤᠷᠭᠠᠭᠤᠯᠢ ᠳᠤ ᠣᠷᠣᠬᠤ ᠬᠠᠮᠢᠶᠠᠷᠤᠯᠲᠠ ᠶᠢᠨ ᠠᠵᠢᠯ ᠢ ᠴᠢᠩᠭ᠎ᠠ ᠵᠢᠷᠤᠮᠵᠢᠭᠤᠯᠬᠤ ᠲᠤᠬᠠᠢ ᠮᠡᠳᠡᠭᠳᠡᠯ︾ ︵ᠥᠪᠥᠷ ᠰᠤᠷᠭᠠᠨ ᠬᠥᠮᠦᠵᠢᠯ ᠰᠠᠭᠤᠷᠢ  ᠦᠰᠦᠭᠲᠦ ﹇2022﹈ 13 ᠳ᠋ᠤᠭᠠᠷ ᠲᠣᠭᠠᠲᠤ︶᠂ ᠲᠦᠩᠯᠢᠶᠣᠣ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠲᠦᠩᠯᠢᠶᠣᠣ ᠬᠤᠲᠠ ᠶᠢᠨ 2022 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠵᠢᠯᠤᠭᠤᠳᠬᠤ ᠰᠠᠨᠠᠯ︾ ︵ᠲᠦᠩᠯᠢᠶᠦᠦ ᠰᠤᠷᠭᠠᠨ ᠬᠥᠮᠦᠵᠢᠯ ᠰᠠᠭᠤᠷᠢ ᠦᠰᠦᠭᠲᠦ ﹇2022﹈ 18 ᠳ᠋ᠤᠭᠠᠷ ᠲᠣᠭᠠᠲᠤ︶᠂ ᠲᠦᠩᠯᠢᠶᠣᠣ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ 2023 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ ︵ᠲᠦᠩᠯᠢᠶᠦᠦ ᠰᠤᠷᠭᠠᠨ ᠬᠥᠮᠦᠵᠢᠯ ᠰᠠᠭᠤᠷᠢ ᠵᠠᠬᠢᠳᠠᠯ ﹇2023﹈ 29 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠨᠠᠷᠢᠨ ᠬᠢᠨᠠᠮᠠᠭᠠᠢ ᠳᠠᠬᠢᠨ ᠳᠠᠪᠲᠠᠨ ᠰᠤᠳᠤᠯᠤᠨ ᠵᠠᠰᠠᠬᠤ ᠪᠠᠷ ᠳᠡᠮᠵᠢᠨ᠂ ᠮᠠᠨ ᠤ ᠬᠤᠰᠢᠭᠤᠨ ᠳᠤ ᠲᠣᠬᠢᠷᠠᠭᠰᠠᠨ ︽ᠢᠯᠡ ᠪᠠᠷ ᠰᠣᠷᠣᠭᠴᠢ ᠡᠯᠰᠡᠬᠦ ᠲᠥᠰᠥᠯ︾ ᠢ ᠲᠣᠭᠲᠠᠭᠠᠭᠰᠠᠨ ᠪᠠᠶᠢᠨ᠎ᠠ᠃    ᠭᠤᠷᠪᠠ᠂ ︽ᠮᠡᠳᠡᠭᠳᠡᠯ︾ ᠤᠨ ᠭᠤᠣᠯ ᠠᠷᠭ᠎ᠠ ᠬᠡᠮᠵᠢᠶ᠎ᠡ᠂ ᠭᠤᠣᠯ ᠠᠭᠤᠯᠭ᠎ᠠ ᠵᠢᠴᠢ ᠬᠠᠮᠢᠶ᠎ᠠ ᠪᠦᠬᠦᠢ ᠲᠠᠶᠢᠯᠪᠣᠷᠢᠯᠠᠯᠲᠠ    ︽ᠵᠠᠷᠤᠳ ᠬᠤᠰᠢᠭᠤᠨ ᠤ 2023 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠢᠯᠡ ᠪᠠᠷ ᠰᠣᠷᠣᠭᠴᠢ ᠡᠯᠰᠡᠬᠦ ᠲᠥᠰᠥᠯ︾ ᠢ ᠠᠷᠪᠠᠨ ᠬᠡᠰᠡᠭ ᠢᠶᠠᠷ ᠪᠦᠷᠢᠯᠳᠦᠭᠦᠯᠪᠡ᠂ ᠠᠭᠤᠯᠭ᠎ᠠ ᠶᠢᠨ ᠲᠠᠯ᠎ᠠ ᠪᠠᠷ ᠰᠣᠷᠣᠭᠴᠢ ᠡᠯᠰᠡᠬᠦ ᠠᠵᠢᠯ ᠢ ᠬᠡᠷᠬᠢᠨ ᠬᠠᠤᠯᠢ ᠲᠣᠭᠲᠠᠭᠠᠯ ᠢᠶᠠᠷ᠂ ᠡᠷᠬᠡ ᠲᠡᠭᠰᠢ ᠲᠥᠪ ᠭᠤᠥᠯᠴᠢ ᠢᠯᠡ ᠲᠣᠳᠣ᠂ ᠲᠡᠩᠴᠡᠭᠦᠷᠢᠲᠡᠢ ᠪᠥᠭᠡᠳ ᠲᠣᠭᠲᠠᠭᠤᠨ ᠢᠶᠠᠷ ᠥᠷᠨᠢᠭᠦᠯᠬᠦ ᠪᠠᠷ ᠭᠤᠣᠯᠳᠠᠯᠭ᠎ᠠ  ᠪᠣᠯᠭᠠᠪᠠ᠂ ᠣᠲᠣ ᠭᠤᠣᠯ ᠠᠭᠤᠯᠭ᠎ᠠ ᠶᠢ ᠳᠠᠷᠠᠭᠠᠬᠢ ᠮᠡᠲᠦ ᠲᠠᠶᠢᠯᠪᠣᠷᠢᠯᠠᠶ᠎ᠠ᠄     ︵ᠨᠢᠭᠡ︶ ᠵᠢᠯᠤᠭᠤᠳᠬᠤ ᠦᠵᠡᠯ ᠰᠠᠨᠠᠭ᠎ᠠ ︵ᠵᠣᠷᠢᠯᠭ᠎ᠠ ᠪᠠ ᠠᠴᠢ ᠬᠤᠯᠪᠣᠭᠳᠠᠯ︶    ︵ᠬᠤᠶᠠᠷ︶ ᠦᠨᠳᠦᠰᠦᠨ ᠵᠠᠷᠴᠢᠮ    1. ᠬᠠᠤᠯᠢ ᠲᠣᠭᠲᠠᠭᠠᠯ ᠢᠶᠠᠷ ᠭᠦᠢᠴᠡᠳᠭᠡᠬᠦ ᠵᠠᠷᠴᠢᠮ ᠢ ᠪᠠᠷᠢᠮᠲᠠᠯᠠᠨ᠎ᠠ᠃    2. ᠰᠢᠯᠭᠠᠬᠤ ᠦᠭᠡᠢ ᠪᠠᠷ ᠭᠡᠷ ᠣᠶᠢᠷᠠᠯᠴᠠᠭ᠎ᠠ ᠰᠤᠷᠭᠠᠭᠤᠯᠢ ᠳᠤ ᠣᠷᠣᠭᠤᠯᠬᠤ ᠵᠠᠷᠴᠢᠮ ᠢ ᠪᠠᠷᠢᠮᠲᠠᠯᠠᠨ᠎ᠠ᠃    3. ᠢᠯᠡ ᠲᠣᠳᠤ᠂ ᠡᠷᠬᠡ ᠲᠡᠭᠰᠢ ᠪᠠ ᠲᠥᠪ ᠭᠤᠥᠯᠴᠢ ᠪᠠᠶᠢᠬᠤ ᠵᠠᠷᠴᠢᠮ ᠢ ᠪᠠᠷᠢᠮᠲᠠᠯᠠᠨ᠎ᠠ᠃    4. ︽ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠬᠦ︾ ᠵᠠᠷᠴᠢᠮ ᠢ ᠪᠠᠷᠢᠮᠲᠠᠯᠠᠨ᠎ᠠ᠃    5. ᠬᠠᠷᠢᠴᠠᠩᠭᠤᠢ ᠲᠣᠭᠲᠠᠭᠤᠨ ᠪᠠᠶᠢᠯᠭᠠᠬᠤ᠂ ᠵᠣᠬᠢᠰᠲᠠᠢ ᠲᠣᠬᠢᠷᠠᠭᠤᠯᠬᠤ ᠵᠠᠷᠴᠢᠮ ᠢ ᠪᠠᠷᠢᠮᠲᠠᠯᠠᠨ᠎ᠠ᠃    ︵ᠭᠤᠷᠪᠠ︶ ᠰᠣᠷᠣᠭᠴᠢ ᠡᠯᠰᠡᠬᠦ ᠡᠲᠡᠭᠡᠳ    ᠪᠠᠭ᠎ᠠ ᠰᠤᠷᠭᠠᠭᠤᠯᠢ᠂ ᠠᠩᠬ᠎ᠠ ᠳᠤᠮᠳᠠᠳᠤ᠂ ᠥᠨᠳᠥᠷ ᠵᠡᠷᠭᠡ ᠶᠢᠨ ᠳᠤᠮᠳᠠᠳᠤ ᠶᠢᠨ ᠱᠠᠲᠤᠨ ᠤ ᠰᠣᠷᠣᠭᠴᠢ    ︵ᠳᠥᠷᠪᠡ︶ ᠰᠣᠷᠣᠭᠴᠢ ᠡᠯᠰᠡᠬᠦ ᠠᠷᠭ᠎ᠠ ᠮᠠᠶ᠋ᠢᠭ    ︽ᠬᠡᠰᠡᠭ ᠬᠤᠪᠢᠶᠠᠨ ᠰᠣᠷᠣᠭᠴᠢ ᠡᠯᠰᠡᠬᠦ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠲᠥᠷᠥᠯ ᠬᠤᠪᠢᠶᠠᠨ ᠡᠯᠰᠡᠬᠦ᠂ ᠪᠥᠬᠦ ᠶᠠᠪᠤᠴᠠ ᠶᠢ ᠢᠯᠡ ᠪᠣᠯᠭᠠᠬᠤ︾ ᠢᠯᠡ ᠪᠠᠷ ᠰᠣᠷᠣᠭᠴᠢ ᠡᠯᠰᠡᠬᠦ ᠠᠵᠢᠯ ᠤᠨ ᠴᠤᠪᠤᠷᠠᠯ ᠢ ᠬᠡᠷᠡᠭᠵᠢᠭᠦᠯᠦᠨ᠎ᠡ᠃    ︵ᠲᠠᠪᠤ︶ ᠰᠤᠷᠤᠭᠴᠢ ᠡᠯᠰᠡᠬᠦ ᠲᠥᠯᠥᠪᠯᠡᠭᠡ    1. ᠪᠠᠯᠭᠠᠰᠤᠨ ᠳᠤ ᠰᠠᠭᠤᠭ᠎ᠠ ᠪᠠᠭ᠎ᠠ ᠰᠤᠷᠭᠠᠭᠤᠯᠢ ᠳᠤ 1670 ᠰᠣᠷᠣᠭᠴᠢ ᠡᠯᠰᠡᠬᠦ ᠪᠠᠷ ᠲᠥᠯᠥᠪᠯᠡᠵᠦ ᠪᠣᠶ    2. ᠪᠠᠯᠭᠠᠰᠤᠨ ᠳᠤ ᠰᠠᠭᠤᠭ᠎ᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ 2080 ᠰᠣᠷᠣᠭᠴᠢ ᠡᠯᠰᠡᠬᠦ ᠪᠠᠷ ᠲᠥᠯᠥᠪᠯᠡᠵᠦ ᠪᠣᠶ    3. ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ 2587 ᠰᠣᠷᠣᠭᠴᠢ ᠡᠯᠰᠡᠬᠦ ᠪᠠᠷ ᠲᠥᠯᠥᠪᠯᠡᠵᠦ ᠪᠣᠶ    4. ᠰᠤᠮᠤ ᠪᠠᠯᠭᠠᠰᠤ ᠲᠠᠯᠠᠪᠠᠢ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠪᠠᠷ ᠲᠥᠯᠥᠪᠯᠡᠵᠦ ᠪᠠᠶᠢᠭ᠎ᠠ ᠲᠤᠭ᠎ᠠ ᠶᠢ ᠡᠯ᠎ᠡ ᠰᠤᠷᠭᠠᠭᠤᠯᠢ ᠶᠢᠨ ᠨᠡᠷ᠎ᠡ ᠮᠡᠳᠡᠭᠦᠯᠦᠭᠰᠡᠨ ᠪᠣᠳᠠᠲᠠᠢ ᠪᠠᠶᠢᠳᠠᠯ ᠢ ᠦᠨᠳᠦᠰᠦᠯᠡᠨ ᠲᠣᠭᠲᠠᠭᠠᠨ᠎ᠠ᠃    ︵ᠵᠢᠷᠭᠤᠭ᠎ᠠ︶ ᠰᠤᠷᠭᠠᠭᠤᠯᠢ ᠶᠢᠨ ᠲᠣᠭᠤᠷᠢᠭ ᠤᠨ ᠬᠤᠪᠢᠶᠠᠷᠢᠯᠠᠯ    1. ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠰᠣᠷᠭᠠᠭᠤᠯᠢ ᠶᠢᠨ ᠲᠣᠭᠤᠷᠢᠭ ᠤᠨ ᠬᠤᠪᠢᠶᠠᠷᠢᠯᠠᠯ    2. ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠣᠭᠤᠷᠢᠭ ᠤᠨ ᠬᠤᠪᠢᠶᠠᠷᠢᠯᠠᠯ    3. ᠰᠢᠯᠭᠠᠨ ᠬᠢᠨᠠᠵᠤ ᠨᠡᠷᠡᠶᠢᠳᠬᠦ ᠬᠠᠮᠢᠶᠠᠷᠤᠯᠲᠠ    4. ᠬᠠᠷᠠᠭᠠᠯᠵᠠᠯ ᠪᠠ ᠬᠥᠬᠢᠭᠦᠯᠦᠯ    ︵ᠳᠣᠯᠤᠭ᠎ᠠ︶ ᠰᠤᠷᠬᠤ ᠪᠠᠶᠢᠷᠢ ᠲᠥᠷᠥᠯ ᠬᠡᠯᠪᠡᠷᠢ ᠵᠢᠴᠢ ᠡᠯᠰᠡᠬᠦ ᠪᠦᠯᠦᠭ ᠤᠳᠠᠭ᠎ᠠ    1. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ᠃ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠬᠢᠭᠡᠳ ᠲᠡᠭᠦᠨ ᠤ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠶᠢᠨ ᠣᠷᠣᠰᠢᠨ ᠰᠠᠭᠤᠵᠤ ᠪᠠᠶᠢᠭ᠎ᠠ ᠪᠠᠶᠢᠳᠠᠯ ᠪᠠ ᠡᠷᠦᠬᠡ ᠠᠮᠠ ᠶᠢᠨ ᠲᠠᠩᠰᠠ ᠶᠢᠨ ᠪᠠᠶᠢᠳᠠᠯ ᠢ ᠦᠨᠳᠦᠰᠦᠯᠡᠨ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠲᠣᠭᠤᠷᠢᠭ ᠲᠠᠬᠢ ᠰᠣᠷᠣᠬᠤ ᠪᠠᠶᠢᠷᠢ ᠶᠢ ABCDE ᠭᠡᠵᠦ ᠲᠠᠪᠤᠨ ᠲᠥᠷᠥᠯ ᠬᠤᠪᠢᠶᠠᠨ᠎ᠠ᠃ ᠡᠭᠦᠨ ᠳᠤ ᠰᠤᠮᠤ ᠪᠠᠯᠭᠠᠰᠤ ᠲᠠᠯᠠᠪᠠᠶ ᠶᠢᠨ ᠰᠤᠷᠭᠠᠭᠤᠯᠢ  ᠶᠢ ᠵᠠᠷᠴᠢᠮ ᠳᠡᠭᠡᠷ᠎ᠡ ᠪᠠᠨ ᠪᠦᠬᠦᠨ ᠢ A ᠲᠥᠷᠥᠯ ᠳᠤ ᠬᠤᠪᠢᠶᠠᠵᠤ᠂ ᠯᠦᠪᠸᠢ ᠨᠢᠭᠡᠳᠦᠭᠡᠷ ᠪᠠᠭ᠎ᠠ ᠰᠤᠷᠭᠠᠭᠤᠯᠢ᠂ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠵᠠᠷᠤᠳ ᠬᠤᠰᠢᠭᠤᠨ ᠤ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠵᠠᠷᠤᠳ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ  ᠶᠢ ABCDE ᠭᠡᠵᠦ ᠲᠠᠪᠤᠨ ᠲᠥᠷᠥᠯ ᠬᠤᠪᠢᠶᠠᠵᠤ᠂ ᠪᠠᠯᠭᠠᠰᠤᠨ ᠳᠤ ᠰᠠᠭᠤᠭ᠎ᠠ ᠪᠤᠰᠤᠳ ᠰᠤᠷᠭᠠᠭᠤᠯᠢ ᠶᠢ ᠴᠥᠮ ABCD ᠭᠡᠵᠦ ᠳᠥᠷᠪᠡᠨ ᠲᠥᠷᠥᠯ ᠬᠤᠪᠢᠶᠠᠵᠤ᠂  ᠵᠢᠭᠰᠠᠭᠠᠯᠲᠠ ᠶᠢᠨ ᠪᠠᠶᠢᠳᠠᠯ ᠢ ᠦᠨᠳᠦᠰᠦᠯᠡᠨ ᠡᠮᠦᠨ᠎ᠡ ᠠᠴᠠ ᠨᠢ ᠬᠤᠶᠢᠰᠢ ᠳᠠᠷᠠᠭᠠᠯᠠᠨ ᠡᠯᠰᠡᠨ᠎ᠡ᠃    2. ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ︵ᠥᠪᠥᠷ ᠰᠤᠷᠭᠠᠨ ᠬᠥᠮᠦᠵᠢᠯ ᠰᠠᠭᠤᠷᠢ ᠵᠠᠬᠢᠳᠠᠯ ﹇2021﹈ 13 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠪᠠ ᠲᠦᠩᠯᠢᠶᠣᠣ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮ ᠶᠢᠨ ᠰᠢᠯᠭᠠᠯᠲᠠ ᠶᠢᠨ ᠬᠢᠷᠢ ᠪᠦᠲᠦᠮᠵᠢ ᠪᠠᠷ ᠰᠠᠭᠤᠷᠢᠯᠠᠨ᠂ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠲᠠᠢ ᠤᠶᠠᠯᠳᠤᠭᠤᠯᠤᠭᠰᠠᠨ ᠰᠣᠷᠣᠭᠴᠢ ᠡᠯᠰᠡᠬᠦ ᠵᠠᠭᠪᠤᠷ ᠢ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠪᠠ ᠡᠯᠰᠡᠬᠦ ᠶᠢ ᠬᠡᠷᠡᠭᠵᠢᠭᠦᠯᠦᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠣᠷᠤᠨ ᠲᠤᠭ᠎ᠠ ᠶᠢᠨ 60%  ᠶᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠬᠤᠪᠢᠶᠠᠷᠢᠯᠠᠨ ᠥᠭᠬᠦ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠎ᠡ᠃    ︵ᠨᠠᠢᠮᠠ︶ ᠰᠣᠷᠣᠭᠴᠢ ᠡᠯᠰᠡᠬᠦ  ᠶᠠᠪᠤᠴᠠ ᠪᠠ ᠭᠡᠷᠡᠴᠢ ᠮᠠᠲ᠋ᠧᠷᠢᠶᠠᠯ ᠢ ᠬᠢᠨᠠᠨ ᠰᠢᠯᠭᠠᠬᠤ    ᠰᠣᠷᠣᠭᠴᠢ ᠡᠯᠰᠡᠬᠦ ᠶᠠᠪᠣᠴᠠ ᠶᠢ ᠴᠢᠩᠳᠠᠯᠠᠵᠤ᠂ ᠭᠡᠷᠡᠴᠢ ᠮᠠᠲ᠋ᠧᠷᠢᠶᠠᠯ ᠤᠨ ᠬᠢᠨᠠᠨ ᠰᠢᠯᠭᠠᠯᠲᠠ ᠶᠢ ᠴᠢᠩᠳᠠᠯᠠᠵᠤ᠂ ᠭᠡᠷᠡᠴᠢ ᠮᠠᠲ᠋ᠧᠷᠢᠶᠠᠯ ᠤᠨ ᠬᠢᠨᠠᠨ ᠬᠠᠷᠭᠤᠭᠤᠯᠬᠤ ᠶᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷ ᠬᠢᠨᠠᠨ ᠬᠠᠷᠭᠤᠭᠤᠯᠬᠤ ᠲᠠᠢ ᠤᠶᠠᠯᠳᠤᠭᠤᠯᠤᠨ᠂ ᠰᠦᠯᠵᠢᠶᠡᠨ ᠭᠠᠳᠠᠨᠠᠬᠢ ᠶᠢᠨ ᠬᠢᠨᠠᠨ ᠬᠠᠷᠭᠤᠭᠤᠯᠬᠤ ᠶᠢ ᠨᠢᠭᠡᠳᠦᠯᠲᠡᠢ ᠲᠥᠯᠥᠪᠯᠡᠨ ᠰᠤᠷᠭᠠᠨ ᠬᠥᠮᠦᠵᠢᠯ ᠪᠡᠶ᠎ᠡ ᠲᠠᠮᠢᠷ᠂ ᠳᠣᠲᠣᠭᠠᠳᠤ ᠶᠢ ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ︵ᠲᠣᠭᠲᠠᠮᠠᠯ ᠬᠥᠷᠥᠩᠭᠡ︶ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠴᠢᠳᠠᠪᠬᠢ ᠰᠠᠯᠠᠭ᠎ᠠ ᠮᠥᠴᠢᠷ ᠪᠠ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠬᠢᠨ ᠠᠴᠠ ᠰᠣᠷᠣᠭᠴᠢ ᠶᠢᠨ ᠬᠠᠩᠭᠠᠭᠰᠠᠨ ᠭᠡᠷ ᠬᠥᠷᠥᠩᠭᠡ ᠶᠢᠨ ᠦᠨᠡᠮᠯᠡᠯ ︵ᠪᠤᠶᠤ ᠭᠡᠷ ᠬᠥᠷᠥᠩᠭᠡ ᠶᠢᠨ ᠳᠠᠩᠰᠠᠯᠠᠭᠤᠯᠤᠭᠰᠠᠨ ᠭᠡᠷ ᠪᠠᠶᠢᠰᠢᠩ ᠬᠤᠳᠠᠯᠳᠤᠨ ᠠᠪᠬᠤ ᠭᠡᠷ᠎ᠡ︶᠂ ᠡᠷᠦᠬᠡ ᠠᠮᠠ ᠶᠢᠨ ᠳᠡᠪᠲᠡᠷ ᠪᠠ ᠣᠷᠣᠰᠢᠨ ᠰᠠᠭᠤᠭᠰᠠᠨ ᠭᠡᠷᠡᠴᠢ ᠵᠡᠷᠭᠡ ᠶᠢ ᠬᠢᠨᠠᠨ ᠬᠠᠷᠭᠤᠭᠤᠯᠣᠨ᠎ᠠ᠃    ︵ᠶᠢᠰᠦ︶ ᠪᠠᠲᠤᠯᠠᠭ᠎ᠠ ᠶᠢᠨ ᠠᠷᠭ᠎ᠠ ᠬᠡᠮᠵᠢᠶ᠎ᠡ    1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃    2. ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃    3. ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃    4. ᠬᠢᠵᠢᠭ ᠢ ᠰᠡᠷᠭᠡᠶᠢᠯᠡᠨ ᠡᠵᠡᠮᠳᠡᠬᠦ ᠶᠢ ᠴᠢᠩᠳᠠᠯᠠᠨ᠎ᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号