ᠱᠢ ᠵᠢᠶᠠᠩ ᠱᠠᠨ ᠲᠣᠰᠬᠤᠨ᠄ ᠬᠢᠲᠠᠳ ᠡᠮ ᠤᠨ ᠮᠠᠲ᠋ᠧᠷᠢᠶᠠᠯ ᠳᠠᠷᠢᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠨᠴᠠᠯᠢᠭᠲᠤ ᠵᠠᠮ ᠢᠶᠠᠷ ᠶᠠᠪᠣᠵᠤ ᠪᠤᠢ
ᠨᠡᠶᠢᠲᠡᠯᠡᠭᠰᠡᠨ ᠴᠠᠭ᠄
2023/5/4
    ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ ᠠᠯᠤᠰ ᠢᠷᠡᠭᠡᠳᠦᠢ ᠥᠷᠭᠡᠨ ᠠᠭᠤᠳᠠᠮ ᠪᠠᠶᠢᠵᠤ᠂ ᠡᠨᠡ ᠨᠢ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠪᠣᠯᠣᠨ᠎ᠠ᠃ ᠡᠨᠡ ᠵᠢᠯ ᠠᠴᠠ ᠨᠠᠰᠢ᠂ ᠵᠠᠷᠤᠳ ᠬᠤᠰᠢᠭᠤᠨ ᠤ ᠪᠠᠶᠠᠨᠲᠠᠯ᠎ᠠ ᠰᠤᠮᠤ ᠶᠢᠨ ᠱᠢ ᠵᠢᠶᠠᠩ ᠱᠠᠨ ᠲᠣᠰᠬᠤᠨ ᠣᠨᠴᠠᠯᠢᠭᠲᠤ ᠲᠠᠷᠢᠮᠠᠯ ᠢ ᠬᠥᠭᠵᠢᠭᠦᠯᠬᠦ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠰᠢᠵᠢᠮ ᠪᠣᠯᠭᠠᠵᠤ᠂ ᠲᠠᠷᠢᠶᠠᠴᠢᠳ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠬᠢᠲᠠᠳ ᠡᠪᠡᠰᠦᠨ ᠡᠮ ᠳᠠᠷᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠥᠷᠭᠡᠨ ᠤᠯᠠᠨ ᠲᠠᠷᠢᠶᠠᠴᠢᠳ ᠲᠤ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠭᠦᠯᠬᠦ ᠰᠢᠨ᠎ᠡ ᠵᠠᠮ ᠢ ᠨᠡᠭᠡᠭᠡᠵᠦ ᠦᠭᠪᠡ᠃
0066f43d3e8678ec3c10397faada8de.jpg
    ᠣᠳᠣ ᠪᠣᠯ᠂ ᠬᠢᠲᠠᠳ ᠡᠪᠡᠰᠦᠨ ᠡᠮ ᠢ ᠲᠠᠷᠢᠵᠤ ᠬᠠᠮᠢᠶᠠᠷᠬᠤ ᠵᠠᠩᠭᠢᠯᠠᠭ᠎ᠠ ᠶᠢᠨ ᠴᠠᠭ ᠦᠶ᠎ᠡ ᠮᠦᠨ᠂ ᠡᠮ ᠤᠨ ᠮᠠᠲ᠋ᠧᠷᠢᠶᠠᠯ ᠤᠨ ᠴᠢᠬᠢ ᠶᠢ ᠡᠷᠡᠭᠦᠯ ᠢᠶᠠᠷ ᠪᠣᠶᠢᠵᠢᠭᠤᠯᠬᠤ ᠶᠢᠨ ᠲᠥᠯᠥᠭᠡ᠂ ᠱᠢ ᠵᠢᠶᠠᠩ ᠱᠠᠨ ᠲᠣᠰᠬᠤᠨ ᠤ ᠠᠷᠠᠳ ᠰᠠᠷᠠᠪᠠᠭᠠᠢ ᠴᠡᠴᠡᠭ ᠳᠠᠷᠢᠬᠤ ᠰᠠᠭᠤᠷᠢᠨ ᠭᠠᠵᠠᠷ ᠲᠤ ᠪᠠᠨ ᠰᠦᠯᠢᠶᠥᠦ ᠪᠦᠷᠬᠦᠪᠴᠢ ᠶᠢ ᠪᠦᠷᠬᠦᠵᠦ᠂ ᠡᠮ ᠤᠨ ᠮᠠᠲ᠋ᠧᠷᠢᠶᠠᠯ ᠤᠨ ᠡᠯᠪᠡᠭ ᠬᠤᠷᠢᠶᠠᠯᠲᠠ ᠣᠯᠬᠤ ᠳᠤ ᠰᠠᠶᠢᠨ ᠰᠠᠭᠤᠷᠢ ᠲᠠᠯᠪᠢᠵᠤ ᠪᠠᠶᠢᠨ᠎ᠠ᠃    ᠱᠢ ᠵᠢᠶᠠᠩ ᠱᠠᠨ ᠲᠣᠰᠬᠤᠨ ᠤ ᠬᠥᠷᠥᠰᠥ ᠰᠢᠷᠣᠢ ᠶᠢᠨ ᠨᠥᠬᠦᠴᠡᠯ ᠰᠠᠶᠢᠨ᠂ ᠬᠢᠲᠠᠳ ᠡᠪᠡᠰᠦᠨ ᠡᠮ ᠣᠷᠭᠤᠬᠤ ︽ᠡᠷᠳᠡᠨᠢ ᠶᠢᠨ ᠣᠷᠣᠨ︾ ᠪᠣᠯᠣᠨ᠎ᠠ᠃ ᠡᠶᠢᠮᠦ ᠠᠴᠠ᠂ ᠱᠢ ᠵᠢᠶᠠᠩ ᠱᠠᠨ ᠲᠣᠰᠬᠤᠨ ᠬᠢᠲᠠᠳ ᠡᠪᠡᠰᠦᠨ ᠡᠮ ᠤᠨ ᠵᠠᠬ᠎ᠠ ᠳᠡᠯᠭᠡᠭᠦᠷ ᠤᠨ ᠢᠷᠡᠭᠡᠳᠦᠢ ᠶᠢ ᠬᠠᠷᠠᠭᠠᠯᠠᠨ᠂ ᠲᠣᠰᠬᠤᠨ ᠨᠡᠶᠢᠲᠡ ᠶᠢᠨ 800 ᠮᠦ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠬᠦ ᠭᠠᠵᠠᠷ ᠢᠶᠠᠨ ᠱᠤ᠋ ᠯᠠᠨ ᠬᠤᠲᠠ ᠶᠢᠨ ᠱᠧᠩ ᠵᠢᠢ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ ᠳᠠᠭᠠᠭᠠᠴᠢᠯᠠᠭᠤᠯᠤᠨ ᠰᠠᠷᠠᠪᠠᠭᠠᠢ ᠴᠡᠴᠡᠭ ᠳᠠᠷᠢᠭᠤᠯᠵᠤ᠂ ᠺᠣᠮᠫᠠᠨᠢ ᠠᠴᠠ ᠨᠢᠭᠡᠳᠦᠯᠲᠡᠢ ᠬᠠᠷᠢᠭᠤᠴᠠᠨ ᠦᠷ᠎ᠡ ᠰᠣᠩᠭᠤᠵᠤ᠂ ᠰᠠᠭᠤᠷᠢ ᠦᠨ᠎ᠡ ᠶᠢ ᠪᠠᠲᠤᠯᠠᠨ ᠬᠤᠳᠠᠯᠳᠤᠨ ᠠᠪᠬᠤ ᠶᠢᠨ ᠬᠠᠮᠲᠤ ᠪᠥᠬᠦ ᠶᠠᠪᠤᠴᠠ ᠳᠤ ᠮᠡᠷᠭᠡᠵᠢᠯ ᠤᠨ ᠵᠢᠯᠣᠭᠤᠳᠣᠯᠭ᠎ᠠ ᠶᠢᠨ ᠦᠢᠯᠡᠴᠢᠯᠡᠭᠡ ᠬᠠᠩᠭᠠᠨ᠎ᠠ᠃
7827263e34d40c24b053c1b83f4ae9c.jpg
   ︽ᠨᠢᠭᠡ ᠮᠦ ᠰᠠᠷᠠᠪᠠᠭᠠᠢ ᠴᠡᠴᠡᠭ 200 ᠵᠢᠩ ᠣᠷᠴᠢᠮ ᠭᠠᠷᠤᠨ᠎ᠠ᠂ ᠭᠠᠷᠣᠯᠲᠠ ᠰᠠᠶᠢᠨ ᠪᠣᠯ 300 ᠵᠢᠩ ᠭᠠᠷᠤᠨ᠎ᠠ᠃ ᠮᠠᠨ ᠤ ᠺᠣᠮᠫᠠᠨᠢ ᠬᠢᠨ ᠲᠠᠷᠢᠶᠠᠴᠢᠨ ᠡᠷᠦᠬᠡ ᠲᠠᠢ 6 ᠲᠥᠭᠦᠷᠢᠭ ᠤᠨ ᠬᠠᠮᠤᠭ ᠤᠨ ᠳᠣᠣᠷ᠎ᠠ ᠦᠨ᠎ᠡ  ᠶᠢ ᠪᠠᠲᠤᠯᠠᠬᠤ ᠵᠠᠬᠢᠶᠠᠯᠠᠭ᠎ᠠ  ᠶᠢᠨ ᠭᠡᠷ᠎ᠡ ᠲᠣᠭᠲᠠᠪᠠ᠂ ᠬᠡᠷᠪᠡ ᠵᠠᠬ᠎ᠠ ᠳᠡᠯᠭᠡᠭᠦᠷ ᠤᠨ ᠦᠨ᠎ᠡ 6 ᠲᠥᠭᠦᠷᠢᠭ ᠠᠴᠠ ᠪᠠᠭ᠎ᠠ ᠪᠣᠯ ᠪᠢᠳᠡ 6 ᠲᠥᠭᠦᠷᠢᠭ  ᠢᠶᠠᠷ ᠪᠤᠳᠤᠵᠤ ᠬᠤᠷᠢᠶᠠᠨ᠎ᠠ᠂ ᠬᠡᠷᠪᠡ ᠵᠠᠬ᠎ᠠ ᠳᠡᠯᠭᠡᠭᠦᠷ ᠤᠨ ᠦᠨ᠎ᠡ ᠬᠠᠩᠰᠢ ᠥᠰᠦᠭᠡᠳ 18 ᠲᠥᠭᠦᠷᠢᠭ ᠪᠣᠯᠪᠠᠯ ᠪᠢᠳᠡ 18 ᠲᠥᠭᠦᠷᠢᠭ  ᠢᠶᠠᠷ ᠪᠤᠳᠤᠵᠤ ᠬᠤᠷᠢᠶᠠᠨ᠎ᠠ᠂ ᠬᠠᠮᠤᠭ ᠤᠨ ᠶᠡᠭᠡ ᠬᠡᠮᠵᠢᠶ᠎ᠡ ᠪᠠᠷ ᠲᠠᠷᠢᠶᠠᠴᠢᠨ ᠡᠷᠦᠬᠡ  ᠶᠢᠨ ᠠᠰᠢᠭ ᠲᠤᠰᠠ  ᠶᠢ ᠤᠷᠢᠳ ᠢᠶᠠᠷ ᠪᠠᠲᠤᠯᠠᠨ᠎ᠠ︾ ᠭᠡᠵᠦ  ᠱᠤ᠋ ᠯᠠᠨ ᠬᠤᠳᠠ ᠶᠢᠨ ᠱᠧᠩ ᠵᠢᠢ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠮᠡᠷᠭᠡᠵᠢᠯᠲᠡᠨ ᠸᠠᠩ ᠰᠢᠶᠠᠨ ᠳ᠋ᠧ ᠬᠡᠯᠡᠪᠡ᠃   ᠬᠢᠲᠠᠳ ᠡᠪᠡᠰᠦᠨ ᠡᠮ ᠢ ᠲᠥᠪᠯᠡᠷᠡᠭᠦᠯᠦᠨ ᠵᠠᠯᠭᠠᠯᠳᠤᠭᠤᠯᠤᠨ ᠳᠠᠷᠢᠪᠠᠯ ᠭᠠᠵᠠᠷ ᠰᠢᠷᠣᠢ ᠶᠢᠨ ᠠᠰᠢᠭᠯᠠᠯᠲᠠ  ᠶᠢᠨ ᠨᠣᠷᠮ᠎ᠠ  ᠶᠢ ᠳᠡᠭᠡᠭᠰᠢᠯᠡᠭᠦᠯᠵᠦ᠂ ᠣᠯᠠᠨ ᠲᠦᠮᠡᠨ ᠤ ︽ᠵᠣᠭᠤᠰ ᠤᠨ  ᠪᠣᠭᠴᠤ︾ ᠶᠢ ᠨᠡᠮᠡᠭᠳᠡᠭᠦᠯᠬᠦ ᠪᠠᠷ ᠪᠠᠷᠠᠬᠤ ᠦᠭᠡᠢ ᠪᠠᠰᠠ ᠲᠣᠰᠬᠤᠨ ᠤ ᠠᠷᠠᠳ  ᠢ ᠭᠡᠷ ᠲᠡᠭᠡᠨ ︽ᠲᠠᠷᠢᠶᠠᠨ ᠤ ᠠᠰᠠᠷᠠᠭᠴᠢ︾ ᠪᠣᠯᠭᠠᠵᠤ᠂ ︽ᠬᠤᠶᠠᠳᠠᠭᠢ ᠤᠳᠠᠭᠠᠨ ᠤ ᠠᠵᠢᠯ ᠣᠯᠭᠤᠯᠲᠠ︾ ᠶᠢ ᠪᠡᠶᠡᠯᠡᠭᠦᠯᠵᠦ᠂ ᠵᠢᠯ ᠪᠦᠷᠢ ᠣᠯᠠᠨ ᠲᠦᠮᠡᠨ ᠤ ᠬᠥᠳᠡᠯᠮᠦᠷᠢ ᠦᠢᠯᠡᠴᠢᠯᠡᠭᠡᠨ ᠤ ᠣᠷᠣᠯᠭ᠎ᠠ  ᠶᠢ ᠲᠦᠮᠡᠨ ᠲᠥᠭᠦᠷᠢᠭ ᠠᠴᠠ ᠳᠡᠭᠡᠭᠰᠢ ᠨᠡᠮᠡᠭᠳᠡᠭᠦᠯᠵᠦ ᠪᠣᠯᠣᠨ᠎ᠠ᠃   ︽ᠪᠢᠳᠡ ᠥᠪᠡᠷ ᠤᠨ ᠲᠠᠷᠢᠶᠠᠨ ᠠᠵᠢᠯ ᠢᠶᠠᠨ ᠬᠢᠵᠦ ᠪᠠᠷᠠᠪᠠᠯ ᠰᠤᠯᠠ ᠰᠡᠯᠡᠭᠦᠦ ᠴᠠᠭ ᠢᠶᠠᠷ ᠢᠶᠠᠨ ᠠᠳᠡ ᠢᠷᠡᠵᠦ ᠬᠥᠯᠥᠰᠦᠨ ᠠᠵᠢᠯ ᠬᠢᠵᠦ᠂ ᠡᠳᠦᠷ ᠪᠦᠷᠢ 150 ᠲᠥᠭᠦᠷᠢᠭ ᠣᠯᠵᠤ᠂ ᠠᠮᠢᠳᠤᠷᠠᠯ ᠡᠳᠦᠷ ᠠᠴᠠ ᠡᠳᠦᠷ ᠰᠠᠶᠢᠵᠢᠷᠠᠵᠤ ᠪᠠᠶᠢᠨ᠎ᠠ︾ ᠭᠡᠵᠦ ᠶᠠᠭᠠᠷᠠᠯᠲᠠᠢ ᠠᠵᠢᠯᠯᠠᠵᠤ ᠪᠠᠶᠢᠭᠰᠠᠨ ᠲᠣᠰᠬᠤᠨ ᠤ ᠠᠷᠠᠳ ᠯᠢ ᠶᠠᠨ ᡁᠢ ᠥᠪᠡᠷ ᠤᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢᠶᠠᠨ ᠶᠠᠷᠢᠵᠤ ᠠᠮᠠ ᠬᠠᠮᠬᠢᠯ ᠦᠭᠡᠢ ᠢᠨᠢᠶᠡᠵᠦ ᠪᠠᠶᠢᠯ᠎ᠠ᠃   ︽ᠮᠠᠨ ᠤ ᠡᠨᠡ ᠬᠡᠰᠡᠭ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠡᠪᠡᠰᠦ ᠪᠡᠯᠴᠢᠭᠡᠷ ᠢ ᠰᠡᠷᠭᠦᠭᠡᠭᠰᠡᠨ ᠭᠠᠵᠠᠷ ᠨᠢᠭᠡᠨᠲᠡ 21 ᠵᠢᠯ ᠰᠤᠯᠠ ᠲᠠᠯᠪᠢᠭᠰᠠᠨ ᠪᠠᠶᠢᠨ᠎ᠠ᠂ ᠡᠨᠡ ᠵᠢᠯ ᠪᠢᠳᠡ ᠭᠠᠳᠠᠷ ᠣᠷᠣᠨ ᠤ ᠠᠵᠤ ᠠᠬᠤᠶᠢᠯᠠᠯ  ᠢ ᠣᠷᠣᠭᠤᠯᠤᠨ ᠠᠪᠴᠢᠷᠠᠵᠤ ᠭᠠᠵᠠᠷ ᠰᠢᠷᠣᠢ ᠳᠠᠭᠠᠭᠠᠴᠢᠯᠠᠭᠤᠯᠤᠨ ᠡᠮ ᠤᠨ ᠮᠠᠲ᠋ᠧᠷᠢᠶᠠᠯ ᠲᠠᠷᠢᠭᠤᠯᠬᠤ ᠪᠠᠷ ᠪᠣᠯᠪᠠ᠂ ᠵᠢᠱᠢᠯᠲᠡ ᠪᠠᠷ ᠬᠥᠮᠥᠨ ᠪᠦᠷᠢ  ᠶᠢᠨ ᠣᠷᠣᠯᠭ᠎ᠠ 3500 ᠲᠥᠭᠦᠷᠢᠭ ᠠᠴᠠ ᠳᠡᠭᠡᠭᠰᠢ ᠨᠡᠮᠡᠭᠳᠡᠬᠦ ᠪᠣᠯᠣᠨ᠎ᠠ︾ ᠭᠡᠵᠦ ᠱᠢ ᠵᠢᠶᠠᠩ ᠱᠠᠨ ᠲᠣᠰᠬᠤᠨ ᠤ ᠨᠠᠮ ᠤᠨ ᠡᠭᠦᠷ ᠤᠨ ᠱᠦᠵᠢ ᠵᠤᠤ ᠶᠢᠨ ᠶᠢᠤ ᠲᠠᠨᠢᠯᠴᠠᠭᠤᠯᠪᠠ᠃ ᠰᠠᠷᠠᠪᠠᠭᠠᠢ ᠴᠡᠴᠡᠭ ᠳᠠᠷᠢᠬᠤ ᠨᠢ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠬᠦ ᠪᠠᠷ ᠪᠠᠷᠠᠬᠤ ᠦᠭᠡᠢ᠂ ᠪᠠᠰᠠ ᠭᠤᠷᠪᠠᠨ ᠰᠠᠷ᠎ᠠ ᠰᠢᠬᠠᠮ ᠤᠨ ᠴᠡᠴᠡᠭᠯᠡᠬᠦ ᠬᠤᠭᠤᠴᠠᠭ᠎ᠠ ᠶᠢ ᠠᠰᠢᠭᠯᠠᠨ ᠪᠣᠬᠢᠷᠲᠤᠯ ᠦᠭᠡᠢ ᠦᠵᠡᠮᠦᠷᠢ ᠶᠢᠨ ᠲᠠᠷᠢᠶᠠᠯᠠᠩ ᠢ ᠬᠥᠭᠵᠢᠭᠦᠯᠵᠦ᠂ ᠲᠠᠷᠢᠶᠠᠴᠢᠳ ᠭᠠᠵᠠᠷ ᠰᠢᠷᠣᠢ ᠪᠠᠨ ᠡᠷᠭᠢᠯᠲᠡ ᠳᠤ ᠣᠷᠣᠭᠤᠯᠤᠨ ᠲᠦᠷᠢᠶᠡᠰᠦᠨ ᠮᠥᠩᠭᠦ ᠣᠯᠭᠤᠵᠤ᠂ ᠲᠤᠬᠠᠢ ᠶᠢᠨ ᠭᠠᠵᠠᠷ ᠲᠠᠭᠠᠨ ᠬᠦᠴᠦ ᠶᠠᠪᠤᠵᠤ ᠴᠠᠯᠢᠩ ᠮᠥᠩᠭᠦ ᠣᠯᠭᠤᠵᠤ᠂ ᠵᠢᠭᠤᠯᠴᠢᠯᠠᠯ ᠢ ᠬᠦᠭᠵᠢᠭᠦᠯᠦᠨ ᠪᠡᠯᠡᠨ ᠮᠥᠩᠭᠦ ᠣᠯᠭᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠠᠵᠢᠯ ᠤᠨ ᠵᠠᠮ ᠢ ᠨᠡᠬᠡᠬᠡᠬᠦ ᠪᠣᠯᠣᠨ᠎ᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号