ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠡᠭᠴᠡᠯᠡᠨ ᠰᠠᠶᠢᠵᠢᠷᠠᠭᠤᠯᠬᠤ᠂ ᠬᠠᠪᠤᠷ ᠤᠨ ᠲᠠᠷᠢᠶᠠᠯᠠᠭ᠎ᠠ᠂ ᠦᠬᠡᠷ ᠤᠨ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/5/4
     2023 ᠣᠨ ᠤ ᠪᠦᠬᠦ ᠬᠤᠰᠢᠭᠤᠨ ᠤ ᠬᠦᠳᠡᠭᠡ ᠲᠣᠰᠬᠤᠨ ᠮᠠᠯᠵᠢᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠪᠠᠨ ᠲᠣᠭᠲᠠᠭᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠭᠦᠷᠭᠡᠯᠡᠨ ᠠᠵᠢᠯᠯᠠᠵᠤ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠪᠠ᠂ ︽5.1︾ ᠤ ᠬᠥᠳᠡᠯᠮᠦᠷᠢᠴᠢᠳ ᠤᠨ ᠪᠠᠶᠠᠷ ᠤᠨ ᠬᠤᠭᠤᠴᠠᠭᠠᠨ ᠳᠤ᠂ ᠲᠣᠰ ᠲᠣᠪᠴᠢᠶ᠎ᠠ ᠬᠢᠨᠠᠨ ᠵᠢᠯᠤᠭᠤᠳᠴᠤ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ ᠤᠷᠢᠳ ᠬᠤᠵᠢᠳ ᠯᠦᠪᠧᠢ ᠪᠠᠯᠭᠠᠰᠤ᠂ ᠦᠨᠡᠭᠡᠴᠢ ᠰᠤᠮᠤ᠂ ᠦᠨᠡᠭᠡᠴᠢ ᠮᠠᠯᠵᠢᠯ ᠤᠨ ᠲᠠᠯᠠᠪᠠᠶ ᠵᠡᠷᠭᠡ ᠭᠠᠵᠠᠷ ᠲᠤ ᠬᠦᠷᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠴᠡᠭᠴᠡᠯᠡᠨ ᠵᠠᠰᠠᠯᠲᠠ ᠵᠢᠴᠢ ᠬᠠᠪᠤᠷ ᠤᠨ ᠲᠠᠷᠢᠶᠠᠯᠠᠭ᠎ᠠ᠂ ᠦᠬᠡᠷ ᠤᠨ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠭᠠᠵᠠᠷ ᠳᠡᠭᠡᠷᠡᠬᠢ ᠮᠠᠰᠢᠨ ᠬᠤᠳᠳᠤᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠵᠤ᠂ ᠮᠠᠰᠢᠨ ᠬᠤᠳᠳᠤᠭ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠳᠠᠬᠢᠨ ᠡᠮᠬᠢᠯᠡᠵᠦ᠂ ᠳᠠᠬᠢᠨ ᠬᠢᠨᠠᠨ ᠬᠠᠷᠭᠤᠭᠤᠯᠵᠤ᠂ ᠲᠥᠷᠥᠯ ᠵᠦᠢᠯ ᠤᠨ ᠬᠠᠮᠢᠶ᠎ᠠ ᠪᠦᠬᠦᠢ ᠺᠠᠳ᠋ᠷ᠂ ᠬᠢᠨᠠᠨ ᠬᠠᠮᠢᠶᠠᠷᠣᠭᠴᠢ ᠪᠠ ᠪᠠᠷᠢᠯᠭ᠎ᠠ ᠶᠢᠨ ᠲᠠᠯ᠎ᠠ ᠶᠢᠨ ᠬᠢᠨ ᠢ ᠱᠠᠭᠠᠷᠳᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠠᠷᠢᠶᠠᠴᠢᠳ ᠲᠤ ᠠᠰᠢᠭ ᠬᠦᠷᠲᠡᠭᠡᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠮᠠᠰᠢᠨ ᠬᠤᠳᠳᠤᠭ ᠨᠢᠭᠡᠪᠦᠷᠢ ᠶᠢᠨ ᠢᠵᠢ ᠪᠦᠷᠢᠳᠦᠭᠰᠡᠨ ᠪᠠᠶᠢᠳᠠᠯ᠂ ᠤᠰᠤ ᠭᠠᠷᠤᠭᠰᠠᠨ ᠪᠠᠶᠢᠳᠠᠯ ᠪᠣᠯᠣᠨ ᠬᠡᠷᠡᠭᠯᠡᠭᠰᠡᠨ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠨ ᠡᠵᠡᠮᠰᠢᠵᠦ᠂ ᠴᠡᠭᠴᠡᠯᠡᠨ ᠰᠠᠶᠢᠵᠢᠷᠠᠭᠤᠯᠣᠯᠲᠠ ᠳᠤ ᠬᠤᠯᠪᠣᠭᠳᠠᠬᠤ ᠲᠥᠷᠥᠯ ᠵᠦᠢᠯ ᠤᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠬᠢᠨ ᠯᠤᠭ᠎ᠠ ᠬᠦᠴᠦ ᠪᠠᠨ ᠬᠠᠮᠲᠤᠳᠬᠠᠨ ᠬᠠᠮᠵᠢᠯᠴᠠᠵᠤ᠂ ᠲᠥᠪ ᠴᠢᠩᠭ᠎ᠠ ᠨᠠᠷᠢᠨ ᠬᠢᠨᠠᠮᠠᠭᠠᠢ᠂ ᠨᠠᠷᠢᠯᠢᠭ ᠪᠣᠲᠠᠲᠠᠢ ᠠᠳᠬᠤᠵᠤ᠂ ᠠᠰᠠᠭᠤᠳᠠᠯ ᠲᠠᠢ ᠬᠤᠳᠳᠤᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠲᠤᠬᠠᠢ ᠳᠤᠨᠢ ᠲᠤᠶᠢᠯᠪᠤᠷᠢᠲᠠᠢ ᠪᠡᠶᠡᠯᠡᠭᠦᠯᠵᠦ᠂ ᠲᠠᠷᠢᠶᠠᠨ ᠭᠠᠵᠠᠷ ᠨᠢᠭᠡᠪᠦᠷᠢ ᠶᠢᠨ ᠮᠠᠰᠢᠨ ᠬᠤᠳᠳᠤᠭ ᠢ ᠲᠠᠷᠢᠶᠠᠯᠠᠩ ᠦᠢᠯᠡᠳᠪᠦᠷᠢᠯᠡᠯ ᠳᠤ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠢ ᠦᠢᠯᠡᠴᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃    ᠪᠣᠬᠢᠷᠲᠤᠯ ᠦᠭᠡᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠ ᠴᠢᠨᠠᠷ ᠰᠠᠶᠢᠲᠠᠢ ᠠᠮᠤ ᠪᠤᠳᠠᠭ᠎ᠠ ᠨᠡᠮᠡᠭᠳᠡᠭᠦᠯᠬᠦ ᠲᠥᠷᠥᠯ ᠵᠦᠢᠯ ᠤᠨ ᠭᠠᠵᠠᠷ ᠲᠤ ᠬᠠᠶᠢᠨ ᠪᠠᠶᠢᠴᠠᠭᠠᠬᠤ ᠶᠠᠪᠤᠴᠠ ᠳᠤ᠂ ᠬᠢᠨᠠᠨ ᠵᠢᠯᠤᠭᠤᠳᠴᠤ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠬᠡᠷᠡᠭᠵᠢᠭᠦᠯᠬᠦ ᠲᠥᠰᠥᠯ ᠢᠶᠠᠨ ᠨᠠᠷᠢᠯᠢᠭᠵᠢᠭᠤᠯᠵᠤ᠂ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠨ᠂ ᠲᠥᠷᠥᠯ ᠵᠦᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ ᠬᠡᠷᠡᠭᠲᠡᠢ᠃ 2023 ᠣᠨ ᠤ ᠪᠥᠬᠦ ᠬᠤᠰᠢᠭᠤᠨ ᠤ 20 ᠮᠢᠩᠭᠠᠨ ᠮᠦ ᠶᠢᠨ ᠦᠵᠡᠭᠦᠯᠦᠯᠭᠡ ᠶᠢᠨ ᠲᠠᠷᠢᠶ᠎ᠠ ᠪᠠ 5 ᠲᠦᠮᠡᠨ ᠮᠦ ᠶᠢᠨ ᠵᠢᠱᠢᠶ᠎ᠡ ᠦᠵᠡᠭᠦᠯᠬᠦ ᠲᠠᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠶᠡᠭᠡ ᠪᠠᠷ ᠠᠬᠢᠭᠤᠯᠵᠤ᠂ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠲᠠᠢ ᠪᠣᠯᠭᠠᠬᠤ ᠪᠥᠬᠦ ᠶᠠᠪᠤᠴᠠ ᠶᠢᠨ ᠮᠠᠰᠢᠨᠴᠢᠯᠠᠭᠰᠠᠨ ᠪᠣᠬᠢᠷᠲᠤᠯ ᠦᠭᠡᠢ ᠦᠢᠯᠡᠳᠪᠦᠷᠢᠯᠡᠯ ᠤᠨ ᠮᠡᠷᠭᠡᠵᠢᠯ᠂ ᠪᠦᠷᠬᠦᠭᠦᠯ ᠦᠭᠡᠢ ᠪᠠᠷ ᠭᠦᠶᠦᠬᠡᠨ ᠪᠤᠯᠠᠵᠤ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ᠂ ᠡᠪᠡᠳᠴᠢᠨ ᠬᠤᠷᠣᠬᠠᠢ ᠶᠢᠨ ᠬᠥᠨᠥᠭᠡᠯ ᠢ ᠪᠣᠬᠢᠷᠲᠤᠯ ᠦᠭᠡᠢ ᠨᠢᠭᠡᠳᠦᠯᠲᠡᠢ ᠰᠡᠷᠭᠡᠶᠢᠯᠡᠨ ᠵᠠᠰᠠᠬᠤ ᠵᠡᠷᠭᠡ ᠮᠡᠷᠭᠡᠵᠢᠯ ᠢ ᠨᠡᠶᠢᠯᠡᠯᠳᠦᠨ ᠨᠠᠷᠢᠯᠢᠭ ᠣᠨᠣᠴᠠᠲᠠᠢ ᠪᠠᠷ ᠪᠦᠲᠦᠮᠵᠢᠲᠡᠢ ᠠᠬᠢᠭᠤᠯᠤᠨ ᠲᠠᠷᠢᠶᠠᠨ ᠭᠠᠵᠠᠷ ᠲᠤ ᠣᠷᠣᠭᠤᠯᠬᠤ ᠬᠡᠷᠡᠭᠲᠡᠢ᠃ ᠨᠡᠪᠲᠡᠷᠡᠯᠴᠡᠭᠡ ᠪᠠ ᠰᠤᠷᠤᠯᠴᠠᠯᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠭᠠᠵᠠᠷ ᠲᠡᠭᠰᠢᠯᠡᠬᠦ ᠶᠠᠰᠤ ᠴᠢᠨᠠᠷ᠂ ᠲᠦᠷᠦᠯ ᠵᠦᠢᠯ ᠢ ᠰᠢᠨᠡᠳᠬᠡᠬᠦ᠂ ᠲᠠᠷᠢᠬᠤ ᠨᠢᠭᠲᠠᠴᠠ᠂ ᠲᠠᠷᠢᠶᠠᠨ ᠠᠵᠢᠯ ᠤᠨ ᠬᠠᠮᠢᠶᠠᠷᠤᠯᠲᠠ ᠵᠡᠷᠭᠡ ᠲᠠᠯ᠎ᠠ ᠪᠠᠷ ᠳᠣᠲᠠᠭᠳᠠᠯ  ᠢᠶᠠᠨ ᠭᠦᠢᠴᠡᠳ ᠨᠥᠬᠦᠪᠦᠷᠢᠯᠡᠵᠦ᠂ ᠦᠢᠯᠡᠴᠢᠯᠡᠭᠡ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠠᠮᠤ ᠪᠤᠳᠠᠭᠠᠨ ᠤ ᠠᠮᠤᠷ ᠲᠦᠪᠰᠢᠨ ᠤ ᠡᠨᠡᠬᠦ ᠲᠡᠷᠢᠭᠦᠨ ᠵᠡᠷᠭᠡ ᠶᠢᠨ ᠶᠡᠭᠡ ᠶᠠᠪᠤᠳᠠᠯ ᠢ ᠴᠢᠩᠭ᠎ᠠ ᠠᠳᠬᠤᠵᠤ᠂ ᠠᠷᠭᠠᠴᠠᠭᠠᠬᠤ ᠠᠷᠭ᠎ᠠ ᠬᠡᠮᠵᠢᠶ᠎ᠡ ᠪᠠᠨ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠬᠠᠪᠤᠷ ᠤᠨ ᠴᠠᠭ ᠢ  ᠬᠥᠰᠡᠷᠳᠡᠭᠦᠯᠬᠦ ᠦᠭᠡᠢ᠂ ᠲᠠᠷᠢᠶᠠᠨ ᠠᠵᠢᠯ ᠢ ᠰᠠᠭᠠᠲᠠᠭᠠᠬᠤ ᠦᠭᠡᠢ ᠪᠠᠷ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠲᠠᠷᠢᠶᠠᠨ ᠭᠠᠵᠠᠷ᠂ ᠲᠠᠷᠢᠶᠠᠨ ᠦᠷ᠎ᠡ ᠡᠨᠡᠨᠬᠦ ᠬᠤᠶᠠᠷ ᠵᠠᠩᠭᠢᠯᠠᠭ᠎ᠠ ᠰᠠᠭᠤᠷᠢ ᠶᠢ ᠴᠢᠩᠭ᠎ᠠ ᠠᠩᠬᠠᠷᠴᠤ᠂ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠲᠥᠬᠦᠭᠡᠷᠦᠮᠵᠢ ᠶᠢᠨ  ᠳᠣᠲᠠᠭᠳᠠᠯ ᠢᠶᠠᠨ ᠨᠥᠬᠦᠪᠦᠷᠢᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠡᠯ᠎ᠡ ᠵᠦᠢᠯ ᠤᠨ ᠨᠥᠬᠦᠪᠦᠷᠢ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠤᠨ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃    ᠠᠯᠠᠰᠢᠨ ᠦᠬᠡᠷ ᠢ ᠲᠥᠪᠯᠡᠷᠡᠭᠦᠯᠦᠨ ᠪᠣᠷᠳᠣᠵᠤ ᠲᠠᠷᠭᠤᠯᠠᠭᠤᠯᠬᠤ ᠠᠵᠢᠯ ᠤᠨ ᠲᠠᠯ᠎ᠠ ᠪᠠᠷ᠂ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠲᠡᠵᠢᠭᠡᠪᠦᠷᠢ ᠶᠢᠨ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠪᠣᠳᠠᠲᠤ ᠬᠡᠷᠡᠭᠯᠡᠭᠡᠨ ᠤ ᠥᠨᠳᠥᠷ ᠦᠷ᠎ᠡ ᠠᠰᠢᠭ ᠲᠠᠢ ᠲᠡᠵᠢᠭᠡᠬᠦ ᠵᠠᠭᠪᠤᠷ ᠢ ᠰᠦᠪᠡᠭᠴᠢᠯᠡᠨ ᠦᠢᠯᠡᠳᠦᠯᠭᠡᠵᠢᠭᠦᠯᠵᠦ᠂ ᠲᠡᠵᠢᠭᠡᠪᠦᠷᠢ ᠶᠢᠨ ᠡᠷᠦᠬᠡ ᠶᠢ ᠬᠠᠪᠰᠤᠷᠤᠨ ᠲᠡᠵᠢᠭᠡᠪᠦᠷᠢ ᠶᠢᠨ ᠲᠠᠯᠠᠪᠠᠶ ᠶᠢᠨ ᠠᠷᠢᠭᠤᠨ ᠴᠡᠪᠡᠷ ᠪᠠ ᠰᠡᠷᠭᠡᠶᠢᠯᠡᠨ ᠬᠠᠮᠠᠭᠠᠯᠠᠬᠤ᠂ ᠢᠯᠭᠠᠳᠠᠰᠣᠨ ᠪᠣᠬᠢᠷᠲᠤᠯ ᠢ ᠰᠢᠢᠳᠪᠦᠷᠢᠯᠡᠬᠦ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠲᠡᠵᠢᠭᠡᠬᠦ ᠮᠡᠷᠭᠡᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠦᠲᠦᠭᠡᠭᠳᠡᠬᠦᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠨᠠᠩ ᠣᠯᠠᠨ ᠭᠤᠣᠯ ᠴᠣᠭᠴᠠ ᠶᠢ ᠳᠠᠶᠢᠴᠢᠯᠠᠨ ᠰᠠᠨᠠᠭᠠᠴᠢᠯᠠᠭ᠎ᠠ  ᠠᠴᠠ ᠪᠠᠨ ᠣᠷᠣᠯᠴᠠᠭᠤᠯᠵᠤ᠂ ᠠᠯᠠᠰᠢᠨ ᠦᠬᠡᠷ ᠲᠡᠵᠢᠭᠡᠬᠦ ᠦᠢᠯᠡᠰ ᠤᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢ ᠬᠠᠮᠲᠤ ᠪᠠᠷ ᠲᠦᠯᠬᠢᠨ ᠠᠬᠢᠭᠤᠯᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠬᠦᠴᠦᠲᠡᠢ ᠬᠦᠳᠡᠯᠭᠡᠭᠦᠷ ᠨᠡᠮᠡᠷᠢᠯᠡᠬᠦ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号