ᠬᠤᠩᠬᠠᠳᠤ ᠠᠭᠤᠯᠠ ᠪᠠᠯᠭᠠᠰᠤ ︽ᠪᠣᠯᠪᠠᠰᠤᠨ ᠡᠷᠡᠭᠦᠯ᠂ ᠪᠣᠬᠢᠷᠲᠤᠯ ᠦᠭᠡᠢ ᠣᠷᠴᠢᠨ ᠠᠬᠤᠢ ᠶᠢ ᠬᠠᠮᠠᠭᠠᠯᠠᠬᠤ ᠠᠮᠢᠳᠤᠷᠠᠯ ᠤᠨ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/1
      ᠪᠣᠯᠪᠠᠰᠤᠨ ᠡᠷᠡᠭᠦᠯ᠂ ᠪᠣᠬᠢᠷᠲᠤᠯ ᠦᠭᠡᠢ ᠣᠷᠴᠢᠨ ᠠᠬᠤᠢ ᠶᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨᠴᠢ᠂ ᠡᠷᠡᠭᠦᠯ᠂ ᠪᠣᠯᠪᠠᠰᠤᠨ ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠶᠢᠨ ᠲᠥᠯᠥᠭᠡ᠂ 5 ᠰᠠᠷ᠎ᠠ ᠶᠢᠨ 30 ᠤ ᠡᠳᠦᠷ᠂ ᠬᠤᠩᠬᠠᠳᠤ ᠠᠭᠤᠯᠠ ᠪᠠᠯᠭᠠᠰᠤ ︽ᠪᠣᠯᠪᠠᠰᠤᠨ ᠡᠷᠡᠭᠦᠯ᠂ ᠪᠣᠬᠢᠷᠲᠤᠯ ᠦᠭᠡᠢ ᠣᠷᠴᠢᠨ ᠠᠬᠤᠢ ᠶᠢ ᠬᠠᠮᠠᠭᠠᠯᠠᠬᠤ ᠠᠮᠢᠳᠤᠷᠠᠯ ᠤᠨ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢ ᠰᠠᠭᠤᠭᠠᠯᠢ ᠠᠷᠠᠳ ᠲᠤ ᠪᠣᠯᠪᠠᠰᠤᠨ ᠡᠷᠡᠭᠦᠯ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠤᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠡᠬᠢ ᠪᠠᠶᠠᠯᠢᠭ ᠢ ᠠᠷᠪᠢᠯᠠᠬᠤ᠂ ᠬᠤᠭ ᠨᠣᠪᠰᠢ ᠶᠢ ᠲᠥᠷᠥᠯ ᠬᠤᠪᠢᠶᠠᠬᠤ᠂ ᠨᠡᠶᠢᠲᠡ ᠶᠢᠨ ᠰᠠᠪᠬ᠎ᠠ ᠨᠡᠶᠢᠲᠡ ᠶᠢᠨ ᠰᠢᠨᠠᠭ᠎ᠠ ᠶᠢ ᠬᠡᠷᠡᠭᠯᠡᠬᠦ ᠵᠡᠷᠭᠡ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠦᠪᠡᠷ ᠤᠨ ᠬᠢᠵᠦ ᠳᠡᠶᠢᠯᠬᠦ ᠪᠠᠭ᠎ᠠ ᠶᠠᠪᠤᠳᠠᠯ ᠢᠶᠠᠷ ᠳᠠᠮᠵᠢᠭᠤᠯᠤᠨ᠂ ᠡᠷᠡᠭᠦᠯ ᠪᠥᠭᠡᠳ ᠠᠷᠪᠢᠴᠢ ᠭᠠᠮᠲᠠᠢ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠬᠦ ᠶᠢ ᠰᠠᠨᠠᠭᠠᠴᠢᠯᠠᠪᠠ᠃    
微信图片_20230601100719.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号